| 10 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠭᠤᠣᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠬᠤᠶᠠᠳᠤᠭᠠᠷ ᠬᠤᠷᠠᠯ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠢᠦ ᠶᠦᠩ᠂ ᠳᠡᠳ᠋ ᠲᠡᠷᠢᠭᠦᠯᠡᠭᠴᠢ ᠮᠦᠩᠭᠦᠨᠬᠤᠸᠠᠷ᠂ ᠳ᠋ᠠᠢ ᠪᠦᠦ ᠯᠢᠨ᠂ ᠸᠠᠩ ᠴᠧᠩ ᠬᠤᠷᠠᠯ ᠳᠤ | ᠣᠷᠣᠯᠴᠠᠵᠤ᠂ ᠡᠯ᠎ᠡ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ︔ ︽ᠳᠣᠣᠷᠠᠳᠤ ᠲᠠᠰ ᠤᠨ ᠤᠯᠠᠭᠠᠨ︾ ︽ᠦᠨᠳᠦᠷ ᠲᠠᠰ ᠤᠨ ᠬᠠᠷ᠎ᠠ︾ ᠶᠢᠨ ᠢᠯᠡᠷᠡᠬᠦ ᠬᠡᠯᠪᠡᠷᠢ ᠪᠠ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ︔ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠰᠬᠠᠢ ᠲᠡᠭᠦᠪᠦᠷᠢ︾ ︽ | ᠥᠪᠥᠷ ᠮᠣᠩᠭᠤᠯ ᠤᠨ ᠠᠵᠢᠯ ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ︽ᠰᠢ ᠶᠢᠨ | ᠫᠢᠩ ᠤᠨ ᠵᠣᠬᠢᠶᠠᠯ ᠤᠨ ᠰᠣᠩᠭᠤᠮᠠᠯ︾ ︵ᠨᠢᠭᠡᠳᠦᠭᠡᠷ ᠪᠣᠳᠢ︶ ᠤᠨ ᠬᠡᠰᠡᠭ ᠭᠠᠷᠴᠠᠭ ᠢ ᠲᠤᠰᠬᠠᠢ ᠰᠤᠷᠤᠯᠴᠠᠪᠠ᠃ | ︽ᠮᠢᠩᠭ᠎ᠠ ᠲᠦᠮᠡᠨ ᠢᠨᠵᠧᠨᠧᠷᠢᠩ︾ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠣᠩᠭᠤᠳᠠᠭ | ᠬᠡᠷᠡᠭ ᠤᠨ ᠵᠢᠱᠢᠶ᠎ᠡ ᠶᠢ ᠰᠤᠷᠤᠯᠴᠠᠨ ᠬᠤᠪᠢᠶᠠᠯᠴᠠᠵᠤ᠂ ᠬᠤᠷᠠᠯ ᠳᠤ ᠣᠷᠣᠯᠴᠠᠭᠰᠠᠳ ︽ᠮᠢᠩᠭ᠎ᠠ ᠲᠦᠮᠡᠨ | ᠢᠨᠵᠧᠨᠧᠷᠢᠩ︾ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠣᠩᠭᠤᠳᠠᠭ ᠬᠡᠷᠡᠭ ᠤᠨ ᠵᠢᠱᠢᠶ᠎ᠡ ᠶᠢᠨ | ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭᠰᠠᠨ ᠪᠥᠭᠡᠳ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠭᠤᠣᠯ ᠰᠡᠳᠦᠪᠲᠦ ᠬᠥᠮᠦᠵᠢᠯ ᠤᠨ ᠠᠵᠢᠯ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠭᠤᠣᠯ ᠰᠡᠳᠦᠪᠲᠦ | ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠰᠡᠳᠦᠪᠲᠦ | ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠰᠤᠷᠤᠯᠴᠠᠬᠤ | ᠰᠡᠳᠬᠢᠬᠦ ᠬᠡᠷᠡᠭᠯᠡᠬᠦ ᠶᠢ ᠣᠶᠠᠯᠳᠣᠭᠤᠯᠵᠤ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠦᠯᠲᠡᠢ ᠪᠠᠶᠢᠯᠭᠠᠵᠤ᠂ | ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ | ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠬᠤ ᠪᠠᠷ ᠠᠵᠢᠯ ᠢᠶᠠᠨ ᠠᠬᠢᠭᠤᠯᠬᠤ ᠲᠠᠯ᠎ᠠ ᠪᠠᠷ | ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢᠨ ᠲᠠᠯ᠎ᠠ ᠪᠠᠷ ᠲᠠᠬᠢᠨ | ᠭᠦᠨᠵᠡᠭᠡᠶᠢᠷᠡᠭᠦᠯᠵᠦ᠂ ᠤᠭ ᠵᠣᠬᠢᠶᠠᠯ ᠢ ᠨᠢ ᠤᠩᠰᠢᠵᠤ ᠤᠭ ᠵᠣᠬᠢᠶᠠᠯ ᠢ ᠨᠢ ᠰᠤᠷᠴᠤ ᠤᠭ ᠶᠣᠰᠣ ᠶᠢ ᠨᠢ | ᠣᠶᠢᠯᠠᠭᠠᠬᠤ᠂ ᠭᠦᠨᠵᠡᠭᠡᠢ ᠰᠤᠷᠴᠤ ᠨᠠᠷᠢᠨ ᠣᠶᠢᠯᠠᠭᠠᠬᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ | ᠱᠤᠭᠤᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ ᠬᠢ ᠬᠤᠷᠴᠠ ᠰᠡᠷᠭᠡᠭ ᠢᠶᠠᠷ ᠢᠶᠠᠨ ᠦᠢᠯᠡ | ᠠᠵᠢᠯᠯᠠᠭ᠎ᠠ ᠶᠢᠨ ᠲᠠᠯ᠎ᠠ ᠪᠠᠷ ᠬᠢ ᠡᠷᠡᠰ ᠪᠠᠲᠤ ᠪᠠᠶᠢᠬᠤ ᠪᠠᠨ ᠴᠢᠩᠭᠠᠳᠬᠠᠬᠤ ᠬᠡᠷᠡᠭᠲᠡᠢ᠃ ᠪᠠᠶᠢᠴᠠᠭᠠᠨ | ᠰᠤᠳᠤᠯᠤᠯᠲᠠ ᠶᠢᠨ ᠲᠠᠯ᠎ᠠ ᠪᠠᠷ ᠲᠠᠬᠢᠨ ᠴᠢᠷᠮᠠᠶᠢᠨ ᠠᠵᠢᠯᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠵᠤ᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠰᠠᠶᠢᠨ ᠠᠷᠭ᠎ᠠ | ᠤᠬᠠᠭᠠᠨ ᠰᠦᠪᠡᠭᠴᠢᠯᠡᠵᠦ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ | ᠃ ᠬᠥᠭᠵᠢᠯᠲᠡ ᠶᠢ ᠠᠬᠢᠭᠤᠯᠬᠤ ᠲᠠᠯ᠎ᠠ ᠪᠠᠷ ᠳᠠᠬᠢᠨᠲᠠ ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ | ᠶᠡᠭᠡ ᠶᠠᠪᠤᠳᠠᠯ︾ ᠪᠣᠯᠣᠨ ᠪᠥᠬᠦ ᠬᠤᠰᠢᠭᠤᠨ ᠤ ᠠᠷᠪᠠᠨ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠵᠥᠪᠳᠡᠯᠴᠡᠨ ᠬᠢᠨᠠᠯᠲᠠ ᠲᠠᠯᠪᠢᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ ︽ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠨᠡᠶᠢᠭᠡᠮ ᠲᠣᠭᠤᠷᠢᠭ ᠲᠤ ᠣᠷᠣᠭᠤᠯᠬᠤ︾᠂ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠡᠰᠢᠭᠦᠳ ᠤᠨ ᠠᠶᠠᠯᠠᠯ︾ ᠤᠨ ᠠᠵᠢᠯᠯᠠᠭ᠎ᠠ ᠦᠷᠨᠢᠭᠦᠯᠬᠦ ᠪᠠ ᠰᠠᠨᠠᠯ | ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠵᠡᠷᠭᠡ ᠠᠴᠢᠶᠠᠯᠠᠪᠤᠷᠢ ᠪᠠᠷ | ᠳᠠᠮᠵᠢᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠵᠤ᠂ ᠣᠯᠠᠨ ᠲᠦᠮᠡᠨ ᠤ ᠬᠦᠴᠢᠷ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ | ᠲᠠᠯ᠎ᠠ ᠪᠠᠷ ᠲᠠᠬᠢᠨ ᠭᠦᠨᠵᠡᠭᠡᠶᠢᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠲᠠᠩᠰᠠ ᠶᠢ ᠴᠠᠭ | ᠲᠤᠬᠠᠢ ᠳᠤᠨᠢ ᠰᠢᠨᠡᠳᠬᠡᠵᠦ᠂ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ᠂ ᠴᠡᠭᠴᠡᠯᠡᠨ | ᠰᠠᠶᠢᠵᠢᠷᠠᠭᠤᠯᠬᠤ ᠶᠢ ᠴᠠᠭ ᠲᠤᠬᠠᠢ ᠳᠤᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠣᠬᠢᠶᠠᠨ | ᠪᠠᠶᠢᠭᠤᠯᠵᠤ ᠠᠬᠢᠭᠤᠯᠬᠤ ᠲᠠᠯ᠎ᠠ ᠪᠠᠷ ᠳᠠᠷᠤᠯᠲᠠ ᠦᠵᠡᠭᠦᠯᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠡᠮᠬᠢ | ᠵᠢᠷᠤᠮ ᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ | ᠬᠠᠭᠤᠳᠠᠰᠤ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃ | | | |