ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ 2023 ᠣᠨ ᠤ ᠲᠠᠷᠢᠶᠠᠯᠠᠩ ᠤᠨ ᠮᠠᠰᠢᠨ ᠤ ᠬᠠᠲᠣᠵᠤ ᠬᠤᠷᠢᠶᠠᠬᠤ ᠳᠤ ᠬᠤᠷᠣᠭᠳᠠᠯ ᠢ ᠪᠠᠭᠠᠰᠬᠠᠬᠤ ᠮᠥᠷᠥᠶᠢᠴᠡᠭᠡᠨ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/10/13
    ᠰᠢ ᠶᠢᠨ ᠫᠢᠩ ᠶᠡᠷᠦᠩᠬᠡᠢ ᠱᠦᠵᠢ ᠶᠢᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠯᠭᠡᠨ ᠦᠵᠡᠭᠦᠯᠬᠦ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠦᠨᠡᠭᠡᠴᠢ ᠰᠤᠮᠤ ᠶᠢᠨ ᠲᠠᠭᠲᠠᠭᠠᠲᠤ ᠭᠠᠴᠠᠭ᠎ᠠ ᠳᠤ 2023 ᠣᠨ ᠤ ᠭᠤᠣᠯ ᠪᠣᠯᠬᠤ ᠲᠣᠰᠣᠯᠢᠭ ᠲᠠᠷᠢᠮᠠᠯ ᠢ ᠮᠠᠰᠢᠨ ᠢᠶᠠᠷ ᠬᠤᠷᠢᠶᠠᠬᠤ ᠳᠤ  ᠬᠤᠷᠣᠭᠳᠠᠯ ᠤᠨ ᠨᠣᠷᠮ᠎ᠠ ᠶᠢ ᠪᠠᠭᠠᠰᠬᠠᠬᠤ ᠮᠥᠷᠥᠶᠢᠴᠡᠭᠡᠨ ᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠡᠷᠭᠡᠵᠢᠯ ᠤᠨ ᠳᠡᠯᠭᠡᠷᠡᠭᠦᠯᠬᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠠᠮᠢᠶ᠎ᠠ ᠪᠦᠬᠦᠢ ᠺᠠᠳ᠋ᠷ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ᠂ ᠬᠤᠷᠰᠢᠶ᠎ᠠ ᠶᠢᠨ ᠲᠥᠯᠥᠭᠡᠯᠡᠭᠴᠢ ᠨᠡᠶᠢᠲᠡ 80 ᠭᠠᠷᠤᠢ  ᠬᠦᠮᠦᠰ ᠠᠵᠢᠯᠯᠠᠭ᠎ᠠ ᠳᠤ ᠣᠷᠣᠯᠴᠠᠪᠠ᠃
3facf933a0dd38d53157f3a769cbf88.jpg
    ᠲᠣᠰ ᠤᠳᠠᠭᠠᠨ ᠤ ᠠᠵᠢᠯᠯᠠᠭ᠎ᠠ ᠶᠢᠨ ᠭᠤᠣᠯ ᠰᠡᠳᠦᠪ ᠪᠣᠯ ᠠᠳᠠᠯᠢ ᠪᠤᠰᠤ ᠬᠡᠯᠪᠡᠷᠢ ᠤᠨ ᠬᠠᠳᠤᠵᠤ ᠬᠤᠷᠢᠶᠠᠬᠤ ᠮᠠᠰᠢᠨ ᠤ ᠠᠳᠠᠯᠢ ᠨᠥᠬᠦᠴᠡᠯ ᠤᠨ ᠳᠣᠣᠷ᠎ᠠ ᠠᠵᠢᠯᠯᠠᠬᠤ ᠶᠠᠰᠤ ᠴᠢᠨᠠᠷ᠂ ᠠᠵᠢᠯᠯᠠᠬᠤ ᠦᠷ᠎ᠡ ᠪᠦᠲᠦᠮᠵᠢ ᠪᠠ ᠮᠠᠰᠢᠨ ᠢᠶᠠᠷ ᠬᠤᠷᠢᠶᠠᠬᠤ ᠬᠤᠷᠣᠭᠳᠠᠯ ᠤᠨ ᠨᠣᠷᠮ᠎ᠠ ᠶᠢ ᠠᠳᠠᠯᠢᠳᠬᠠᠬᠤ ᠮᠥᠷᠥᠶᠢᠴᠡᠭᠡᠨ ᠪᠣᠯᠣᠨ᠎ᠠ᠂ ᠠᠵᠢᠯᠯᠠᠬᠤ ᠮᠠᠰᠢᠨ ᠠᠵᠢᠯ ᠳᠠᠭᠤᠰᠤᠭᠰᠠᠨ ᠤ ᠳᠠᠷᠠᠭ᠎ᠠ ᠮᠡᠷᠭᠡᠵᠢᠯ ᠤᠨ ᠠᠵᠢᠯᠲᠠᠨ ᠠᠬᠤᠢ ᠲᠠᠯᠠᠪᠠᠢ ᠳᠤ ᠥᠯᠢᠭᠡᠷ ᠠᠪᠴᠤ ᠰᠢᠯᠭᠠᠨ ᠪᠠᠶᠢᠴᠠᠭᠠᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠨ 6 ᠮᠠᠰᠢᠨᠴᠢ ᠬᠠᠳᠤᠵᠤ ᠬᠤᠷᠢᠶᠠᠬᠤ ᠮᠠᠰᠢᠨ ᠢ ᠪᠣᠯᠪᠠᠰᠤᠷᠠᠩᠭᠤᠢ ᠪᠠᠷ ᠵᠢᠯᠤᠭᠤᠳᠴᠤ᠂ ᠲᠣᠭᠲᠠᠭᠰᠠᠨ ᠵᠠᠮ ᠱᠤᠭᠤᠮ ᠢᠶᠠᠷ ᠨᠢᠭᠡ ᠨᠢᠭᠡ ᠵᠢᠷᠤᠭ᠎ᠠ ᠡᠷᠳᠡᠨᠢ ᠰᠢᠰᠢ ᠶᠢ ᠨᠢᠭᠡ ᠯᠡ ᠠᠮᠢᠰᠬᠤᠭ᠎ᠠ ᠪᠠᠷ ᠲᠦᠷᠦᠭᠦᠦ ᠶᠢ ᠨᠢ ᠠᠪᠣᠵᠤ᠂ ᠬᠠᠯᠢᠰᠤ ᠶᠢ ᠨᠢ ᠱᠠᠭᠠᠯᠵᠤ᠂ ᠡᠰᠢ ᠰᠦᠷᠡᠯ ᠢ ᠨᠢ ᠬᠡᠮᠬᠡᠴᠢᠪᠡ᠃    ᠣᠳᠣᠬᠠᠨ ᠳᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠠᠵᠢᠯᠯᠠᠭ᠎ᠠ ᠶᠢ ᠶᠡᠭᠡ ᠬᠡᠪᠴᠢᠶ᠎ᠡ ᠪᠠᠷ ᠳᠡᠯᠭᠡᠷᠡᠭᠦᠯᠵᠦ ᠪᠠᠶᠢᠭ᠎ᠠ ᠪᠠᠶᠢᠳᠠᠯ ᠳᠣᠣᠷ᠎ᠠ᠂ ᠳᠠᠩ ᠮᠠᠰᠢᠨ ᠴᠣᠭᠴᠠᠯᠠᠪᠤᠷᠢ ᠶᠢᠨ ᠠᠵᠢᠯ ᠤᠨ ᠴᠢᠨᠠᠷ ᠴᠢᠨᠰᠠᠭ᠎ᠠ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠣᠰ ᠤᠳᠠᠭᠠᠨ ᠤ ᠮᠠᠰᠢᠨ ᠢᠶᠠᠷ  ᠬᠠᠲᠣᠵᠤ ᠬᠤᠷᠢᠶᠠᠬᠤ ᠪᠠ ᠬᠤᠷᠣᠭᠳᠠᠯ ᠢ ᠪᠠᠭᠠᠰᠬᠠᠬᠤ ᠮᠥᠷᠥᠶᠢᠴᠡᠭᠡᠨ ᠨᠢ ᠮᠠᠨ ᠤ ᠬᠤᠰᠢᠭᠤᠨ ᠤ ᠲᠠᠷᠢᠮᠠᠯ ᠤᠨ ᠲᠥᠷᠥᠯ ᠵᠦᠢᠯ᠂ ᠡᠷᠳᠡᠨᠢ ᠰᠢᠰᠢ ᠶᠢᠨ ᠤᠰᠤ ᠠᠭᠤᠯᠬᠤ ᠨᠣᠷᠮ᠎ᠠ᠂ ᠠᠵᠢᠯᠯᠠᠬᠤ ᠭᠠᠵᠠᠷ ᠤᠨ ᠭᠠᠳᠠᠷᠭᠤ ᠶᠢᠨ ᠲᠡᠭᠰᠢ ᠶᠢᠨ ᠬᠡᠮᠵᠢᠶ᠎ᠡ᠂ ᠠᠵᠢᠯᠯᠠᠬᠤ ᠬᠤᠷᠳᠤᠴᠠ ᠵᠢᠴᠢ ᠮᠠᠰᠢᠨᠴᠢ ᠶᠢᠨ ᠮᠡᠷᠭᠡᠵᠢᠯ ᠢ ᠡᠵᠡᠮᠰᠢᠭᠰᠡᠨ ᠬᠡᠮᠵᠢᠶ᠎ᠡ ᠵᠡᠷᠭᠡ ᠨᠢ ᠮᠠᠰᠢᠨ ᠢᠶᠠᠷ ᠬᠠᠳᠤᠵᠤ ᠬᠤᠷᠢᠶᠠᠬᠤ ᠪᠠ ᠬᠤᠷᠣᠭᠳᠠᠯ ᠤᠨ ᠬᠡᠮᠵᠢᠶ᠎ᠡ ᠶᠢ ᠪᠠᠭᠠᠰᠬᠠᠬᠤ ᠶᠢ ᠰᠦᠪᠡᠭᠴᠢᠯᠡᠨ ᠰᠣᠳᠣᠯᠬᠤ ᠳᠤ ᠴᠢᠬᠤᠯᠠ ᠦᠨᠳᠦᠰᠦᠯᠡᠯ ᠪᠠ ᠲᠤᠷᠰᠢᠯᠭ᠎ᠠ ᠬᠠᠩᠭᠠᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号