10 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠣᠨᠣᠯ ᠰᠤᠷᠤᠯᠴᠠᠬᠤ ᠭᠤᠣᠯ ᠳᠤᠭᠤᠶᠢᠯᠠᠩ ᠬᠢᠨ 2023 ᠣᠨ ᠤ 11 ᠳ᠋ᠤᠭᠡᠷ ᠤᠳᠠᠭᠠᠨ ᠤ ᠬᠠᠮᠲᠤ ᠪᠠᠷ | ᠰᠤᠷᠤᠯᠴᠠᠬᠤ ᠬᠤᠷᠠᠯ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠵᠡᠷᠭᠡ ᠬᠡᠯᠲᠡᠰ ᠤᠨ | ᠤᠳᠤᠷᠢᠳᠬᠤ ᠪᠠᠭ ᠤᠨ ᠭᠡᠰᠢᠭᠦᠨ ᠰᠤᠷᠤᠯᠴᠠᠯᠭ᠎ᠠ ᠳᠤ ᠤᠷᠤᠯᠴᠠᠪᠠ᠃ | | | | | ᠲᠤᠰ ᠤᠳᠠᠭᠠᠨ ᠤ ᠬᠤᠷᠠᠯ ᠢ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ | ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠪᠦᠬᠦ ᠶᠠᠪᠤᠴᠠ ᠳᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠡᠨᠡᠬᠦ ᠭᠤᠣᠯ ᠰᠡᠳᠦᠪ ᠭᠤᠣᠯ ᠰᠢᠵᠢᠮ ᠢ ᠲᠤᠪᠤᠶᠢᠯᠭᠠᠵᠦ᠂ ᠪᠠᠭ ᠤᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ | ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠬᠤ ᠶᠢᠨ ᠬᠠᠮᠲᠤ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠰᠤᠷᠤᠯᠴᠠᠭᠰᠠᠨ ᠣᠶᠢᠯᠠᠭᠠᠯᠲᠠ ᠪᠠᠨ ᠭᠦᠨᠵᠡᠭᠡᠢ ᠰᠤᠯᠢᠴᠠᠪᠠ᠃ | ᠰᠤᠷᠤᠯᠴᠠᠯᠭ᠎ᠠ ᠪᠠᠷ ᠳᠡᠮᠵᠢᠨ᠂ ᠣᠯᠠᠨ ᠢᠶᠠᠷ ᠢᠶᠠᠨ ︽ᠨᠠᠮ ᠤᠨ ᠠᠭᠤᠤ ᠶᠡᠭᠡ ᠥᠪᠡᠷ ᠤᠨ ᠪᠡᠶ᠎ᠡ ᠶᠢᠨ | ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ︾ ᠳᠤ ᠨᠡᠩ ᠭᠦᠨᠵᠡᠭᠡᠢ ᠲᠠᠨᠢᠯᠲᠠ ᠲᠠᠢ ᠪᠣᠯᠵᠤ᠂ | ᠤᠬᠠᠮᠰᠠᠷ ᠠᠴᠠ ᠪᠠᠨ ᠲᠦᠷᠦᠭᠦᠯᠡᠨ ᠤᠯᠤᠰ ᠲᠦᠷᠤ ᠶᠢ ᠡᠷᠬᠢᠮᠯᠡᠵᠦ᠂ ᠶᠡᠭᠡ ᠲᠠᠯ᠎ᠠ ᠶᠢ ᠴᠢᠬᠤᠯᠠᠴᠢᠯᠠᠵᠦ᠂ ᠰᠠᠬᠢᠯᠭ᠎ᠠ | ᠪᠠᠲᠤ ᠶᠢ ᠴᠢᠩᠳᠠᠯᠠᠵᠤ᠂ ᠬᠤᠷᠢᠭ᠎ᠠ ᠱᠤᠭᠤᠮ ᠢ ᠰᠠᠬᠢᠵᠤ᠂ ᠰᠤᠷᠲᠠᠯ ᠢᠶᠠᠨ ᠬᠤᠪᠢᠷᠠᠭᠤᠯᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠦᠷᠤ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ | ᠴᠠᠭ ᠦᠶ᠎ᠡ ᠶᠢᠨ ᠡᠭᠦᠷᠭᠡᠲᠦ ᠪᠤᠳᠤᠯ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠤ ᠶᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢᠶᠠᠨ | ᠴᠢᠩᠭᠠᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠡᠪ ᠬᠠᠮᠲᠤᠴᠤᠳ ᠤᠨ ᠡᠷᠬᠢᠮ ᠳᠡᠭᠡᠳᠦ | ᠵᠠᠩ ᠰᠤᠷᠲᠠᠯ ᠢ ᠢᠮᠠᠭᠲᠠ ᠪᠠᠷᠢᠮᠲᠠᠯᠠᠨ᠎ᠠ ᠭᠡᠵᠦ ᠢᠯᠡᠳᠭᠡᠪᠡ᠃ | ᠬᠤᠷᠠᠯ ᠠᠴᠠ ᠪᠠᠰᠠ ᠭᠡᠯᠳᠡᠰ ᠤᠨ ᠤᠳᠤᠷᠢᠳᠬᠤ ᠪᠠᠭ ᠤᠨ ᠭᠡᠰᠢᠬᠦᠨ ᠤ ᠠᠰᠠᠭᠤᠳᠠᠯ ᠢ ᠪᠠᠶᠢᠴᠠᠭᠠᠨ ᠦᠵᠡᠬᠦ | ᠵᠢᠴᠢ ᠬᠠᠯᠠᠨ ᠦᠭᠡᠷᠡᠴᠢᠯᠡᠬᠦ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | |