ᠵᠠᠷᠤᠳ ᠬᠤᠰᠢᠭᠤ᠄ ᠦᠬᠡᠷ ᠤᠨ ᠠᠵᠤ ᠦᠢᠯᠡᠰ ᠤᠨ ᠬᠥᠭᠵᠢᠯᠲᠡ ᠳᠤ ︽ᠡᠭᠦᠯᠳᠡᠷ ᠰᠠᠶᠢᠵᠢᠷᠠᠭᠤᠯᠬᠤ︾ ᠪᠠᠷ ᠭᠤᠣᠯᠯᠠᠵᠤ ᠪᠤᠢ
ᠨᠡᠶᠢᠲᠡᠯᠡᠭᠰᠡᠨ ᠴᠠᠭ᠄
2023/10/17
    ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠢᠨ ᠡᠭᠦᠯᠳᠡᠷ ᠰᠠᠶᠢᠵᠢᠷᠠᠭᠤᠯᠬᠤ ᠶᠢ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠥᠬᠦᠪᠦᠷᠢ ᠶᠢᠨ ᠲᠥᠷᠥᠯ ᠵᠦᠢᠯ᠂ ᠮᠡᠷᠭᠡᠵᠢᠯ ᠤᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ  ᠳᠠᠮᠵᠢᠨ᠂ ᠴᠢᠨᠠᠷ ᠰᠠᠶᠢᠲᠠᠢ ᠮᠠᠯ ᠤᠨ ᠡᠭᠦᠯᠳᠡᠷ ᠢ ᠥᠷᠭᠡᠳᠬᠡᠵᠦ᠂ ᠪᠥᠬᠦ ᠠᠯᠠᠰᠢᠨ ᠦᠬᠡᠷ ᠤᠨ ᠠᠵᠤ ᠦᠢᠯᠡᠰ ᠢ ︽ᠲᠤᠭ᠎ᠠ ᠶᠢ ᠨᠡᠮᠡᠭᠳᠡᠭᠦᠯᠬᠦ ᠬᠡᠯᠪᠡᠷᠢ︾ ᠠᠴᠠ ︽ᠶᠠᠰᠤ ᠴᠢᠨᠠᠷ ᠢ ᠳᠡᠭᠡᠭᠰᠢᠯᠡᠭᠦᠯᠬᠦ ᠬᠡᠯᠪᠡᠷᠢ︾ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃    ᠣᠶᠢᠷ᠎ᠠ ᠶᠢᠨ ᠡᠳᠦᠷ᠂ ᠳᠣᠯᠣᠲᠤ ᠰᠤᠮᠤ ᠶᠢᠨ ᠬᠤᠶᠠᠷᠬᠤᠸᠠ ᠭᠠᠴᠠᠭ᠎ᠠ ᠶᠢᠨ ᠡᠭᠦᠯᠳᠡᠷ ᠰᠠᠶᠢᠵᠢᠷᠠᠭᠤᠯᠤᠭᠴᠢ ᠪᠦᠦ ᠮᠢᠩ ᠡᠷᠲᠡᠯᠡᠨ ᠬᠤᠰᠢᠭᠤᠨ ᠤ ᠮᠠᠯ ᠠᠵᠤ ᠠᠬᠤᠢ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠥᠪ ᠲᠤ ᠬᠦᠷᠴᠦ᠂ ᠰᠠᠶᠢᠨ ᠡᠭᠦᠯᠳᠡᠷ ᠤᠨ ᠠᠯᠠᠰᠢᠨ ᠦᠬᠡᠷ ᠤᠨ ᠢᠴᠡᠭᠡᠯ ᠦᠷ᠎ᠡ ᠶᠢ ᠦᠨ᠎ᠡ ᠲᠥᠯᠥᠪᠦᠷᠢ ᠦᠭᠡᠢ ᠪᠠᠷ ᠠᠪᠤᠭᠰᠠᠨ ᠪᠠᠶᠢᠨ᠎ᠠ᠃ ︽ᠪᠢ ᠰᠠᠷ᠎ᠠ ᠪᠦᠷᠢ ᠨᠢᠭᠡ ᠤᠳᠠᠭ᠎ᠠ ᠢᠷᠡᠳᠡᠭ᠂ ᠬᠤᠰᠢᠭᠤᠨ ᠤ ᠮᠠᠯ ᠠᠵᠤ ᠠᠬᠤᠢ  ᠶᠢᠨ ᠰᠠᠶᠢᠨ ᠡᠭᠦᠯᠳᠡᠷ  ᠢ ᠦᠷᠡᠵᠢᠭᠦᠯᠦᠨ ᠪᠣᠶᠢᠵᠢᠭᠤᠯᠬᠤ ᠲᠥᠪ ᠤᠨ ᠬᠠᠩᠭᠠᠭᠰᠠᠨ ᠢᠴᠡᠭᠡᠯ ᠦᠷ᠎ᠡ  ᠶᠢᠨ ᠶᠠᠰᠤ ᠴᠢᠨᠠᠷ ᠣᠨᠴᠠᠭᠠᠶ ᠰᠠᠶᠢᠨ᠂ ᠮᠠᠯᠴᠢᠳ ᠴᠥᠮ ᠮᠠᠰᠢ ᠬᠠᠨᠤᠮᠵᠢᠲᠠᠶ ᠪᠠᠶᠢᠳᠠᠭ᠂ ᠲᠤᠭᠤᠯ ᠨᠢ ᠴᠦ ᠰᠠᠶᠢᠨ ᠦᠨ᠎ᠡ ᠪᠠᠷ ᠬᠤᠳᠠᠯᠳᠤᠳᠠᠭ᠂ ᠪᠤᠬ᠎ᠠ ᠶᠢᠨ ᠪᠠᠷᠢᠮᠵᠢᠶ᠎ᠠ ᠪᠠᠷ ᠬᠤᠳᠠᠯᠳᠤᠪᠠᠯ ᠴᠥᠮ 3 ᠲᠦᠮᠡ ᠠᠴᠠ 4 ᠲᠦᠮᠡᠨ ᠲᠥᠭᠦᠷᠢᠭ ᠢᠶᠠᠷ ᠬᠤᠳᠠᠯᠳᠤᠳᠠᠭ︾ ᠭᠡᠵᠦ ᠪᠦᠦ ᠮᠢᠩ ᠲᠠᠨᠢᠯᠴᠠᠭᠤᠯᠪᠠ᠃    ᠰᠢᠯᠢᠳᠡᠭ ᠢᠴᠡᠭᠡᠯ ᠦᠷ᠎ᠡ ᠪᠣᠯ ᠦᠬᠡᠷ ᠤᠨ ᠠᠵᠤ ᠦᠢᠯᠡᠰ ᠤᠨ ᠲᠠᠰ ᠳᠡᠪᠰᠢᠬᠦ ᠶᠢᠨ ᠰᠠᠭᠤᠷᠢ ᠮᠥᠨ᠂ ᠮᠠᠯ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠵᠠᠷᠤᠳ ᠬᠤᠰᠢᠭᠤᠨ ᠤ ᠮᠠᠯ ᠠᠵᠤ ᠠᠬᠤᠢ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠥᠪ ᠠᠴᠠ ᠪᠡᠯᠡ ᠮᠥᠩᠭᠦ ᠭᠠᠷᠭᠠᠵᠤ᠂ ᠲᠣᠰ ᠭᠠᠵᠠᠷ ᠤᠨ ᠢᠶᠠᠨ ᠡᠬᠡ ᠮᠠᠯ ᠤᠨ ᠰᠦᠷᠦᠭᠵᠢᠯ ᠤᠨ ᠪᠣᠳᠠᠲᠠᠢ ᠪᠠᠶᠢᠳᠠᠯ ᠳᠤ ᠨᠡᠶᠢᠴᠡᠬᠦ ᠢᠴᠡᠭᠡᠯ ᠦᠷ᠎ᠡ ᠶᠢ ᠬᠤᠳᠠᠯᠳᠤᠨ ᠣᠷᠣᠭᠤᠯᠬᠤ ᠶᠢᠨ ᠬᠠᠮᠲᠤ ᠰᠠᠷ᠎ᠠ ᠪᠦᠷᠢ ᠡᠯ᠎ᠡ ᠭᠠᠴᠠᠭ᠎ᠠ ᠲᠣᠰᠬᠤᠨ ᠤ ᠡᠭᠦᠯᠳᠡᠷ ᠰᠠᠶᠢᠵᠢᠷᠠᠭᠤᠯᠬᠤ ᠴᠡᠭ ᠲᠤ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ᠢᠴᠡᠭᠡᠯ ᠦᠷ᠎ᠡ ᠪᠠᠷ ᠬᠡᠬᠡᠯᠳᠦᠭᠦᠯᠵᠦ ᠡᠭᠦᠯᠳᠡᠷ ᠰᠠᠶᠢᠵᠢᠷᠠᠭᠤᠯᠬᠤ ᠲᠥᠪᠯᠡᠷᠡᠩᠭᠦᠢ ᠰᠢᠪᠲᠤᠯᠤᠯᠲᠠ ᠶᠢᠨ ᠠᠵᠢᠯᠯᠠᠭ᠎ᠠ ᠶᠢᠨ ᠠᠬᠢᠴᠠ ᠶᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠳᠤ ᠢᠴᠡᠭᠡᠯ ᠦᠷ᠎ᠡ ᠪᠠᠷ ᠬᠡᠬᠡᠯᠳᠦᠭᠦᠯᠵᠦ ᠡᠭᠦᠯᠳᠡᠷ ᠰᠠᠶᠢᠵᠢᠷᠠᠭᠤᠯᠬᠤ ᠶᠢ ᠨᠡᠶᠢᠳᠡᠮ ᠪᠦᠷᠬᠦᠬᠦᠯᠪᠡ᠃ ᠣᠳᠣᠬᠠᠨ ᠳᠤ᠂ ᠪᠥᠬᠦ ᠬᠤᠰᠢᠭᠤᠨ ᠤ ᠠᠯᠠᠰᠢᠨ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠬᠦ ᠥᠷᠲᠡᠭᠡ ᠴᠡᠭ ᠵᠢᠯ ᠤᠨ ᠡᠬᠢᠨ ᠳᠤ 1130 ᠪᠠᠶᠢᠭᠰᠠᠨ ᠠᠴᠠ ᠪᠠᠨ 1168 ᠪᠣᠯᠣᠨ ᠨᠡᠮᠡᠭᠳᠡᠵᠦ᠂ ᠡᠭᠦᠯᠳᠡᠷ ᠰᠠᠶᠢᠵᠢᠷᠠᠭᠤᠯᠤᠭᠰᠠᠨ ᠡᠷᠦᠬᠡ ᠳᠤ 17.3 ᠲᠦᠮᠡᠨ ᠢᠴᠡᠭᠡᠯ ᠦᠷ᠎ᠡ᠂ 14.8 ᠲᠦᠮᠡᠨ ᠰᠢᠩᠭᠡᠨ ᠠᠽᠣᠲ ᠶᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ 15.1 ᠲᠦᠮᠡᠨ ᠦᠨᠢᠶ᠎ᠡ ᠶᠢ ᠵᠢᠩᠬᠢᠨᠢ ᠬᠡᠬᠡᠯᠳᠦᠭᠦᠯᠵᠦ᠂ ᠨᠢᠳᠣᠨᠣᠨ ᠤ ᠬᠢ ᠠᠴᠠ 8.8 ᠲᠦᠮᠡᠨ ᠲᠣᠯᠣᠭᠠᠢ ᠨᠡᠮᠡᠭᠳᠡᠨ᠂ ᠦᠷᠡᠵᠢᠵᠦ ᠳᠡᠶᠢᠯᠬᠦ ᠦᠨᠢᠶᠡᠨ ᠤ ᠰᠠᠶᠢᠨ ᠡᠭᠦᠯᠳᠡᠷ ᠤᠨ ᠬᠠᠷᠢᠴᠠᠯ 90% ᠠᠴᠠ ᠳᠡᠭᠡᠭᠰᠢ ᠬᠦᠷᠪᠡ᠃     ︽ᠮᠠᠯ ᠠᠵᠤ ᠠᠬᠤᠢ  ᠶᠢᠨ ᠰᠠᠶᠢᠨ ᠡᠭᠦᠯᠳᠡᠷ  ᠢ ᠦᠷᠡᠵᠢᠭᠦᠯᠦᠨ ᠪᠣᠶᠢᠵᠢᠭᠤᠯᠬᠤ ᠲᠥᠪ ᠬᠢᠨ ᠡᠨᠡ ᠵᠢᠯ ᠤᠨ ᠭᠤᠷᠪᠠᠳᠤᠭᠠᠷ ᠰᠠᠷ᠎ᠠ  ᠠᠴᠠ ᠡᠬᠢᠯᠡᠨ ᠤᠬᠠᠭᠤᠯᠬᠤ ᠠᠵᠢᠯ ᠬᠢᠵᠦ᠂ 28 ᠭᠤᠣᠯᠳᠠᠯᠭ᠎ᠠ  ᠲᠠᠢ ᠭᠠᠴᠠᠭ᠎ᠠ ᠲᠣᠰᠬᠤᠨ ᠤ ᠪᠤᠬ᠎ᠠ ᠶᠢ ᠦᠬᠡᠷ ᠤᠨ ᠰᠦᠷᠦᠭ ᠲᠠᠢ ᠬᠤᠯᠢᠯᠳᠤᠭᠤᠯᠤᠨ ᠲᠡᠵᠢᠭᠡᠬᠦ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠰᠦᠷᠦᠭ ᠴᠡᠪᠡᠷᠯᠡᠬᠦ ᠠᠵᠢᠯ ᠦᠷᠨᠢᠭᠦᠯᠪᠡ᠃ ᠲᠥᠷᠥ  ᠶᠢᠨ ᠪᠣᠳᠣᠯᠭ᠎ᠠ  ᠶᠢᠨ ᠤᠬᠠᠭᠤᠯᠭ᠎ᠠ᠂ ᠮᠡᠷᠭᠡᠵᠢᠯ ᠤᠨ ᠪᠣᠯᠪᠠᠰᠤᠷᠠᠭᠤᠯᠤᠯ᠂ ᠲᠥᠬᠦᠭᠡᠷᠦᠮᠵᠢ  ᠶᠢᠨ ᠰᠢᠨᠡᠴᠢᠯᠡᠯᠲᠡ ᠵᠡᠷᠭᠡ ᠬᠡᠯᠪᠡᠷᠢ ᠪᠠᠷ ᠳᠠᠮᠵᠢᠭᠤᠯᠣᠨ᠂ ᠮᠠᠯᠴᠢᠨ ᠲᠠᠷᠢᠶᠠᠴᠢᠨ᠂ ᠲᠡᠵᠢᠭᠡᠪᠦᠷᠢ ᠶᠢᠨ ᠡᠷᠦᠬᠡ  ᠶᠢᠨ ᠮᠠᠯ ᠠᠵᠤ ᠠᠬᠤᠢ  ᠶᠢᠨ ᠡᠭᠦᠯᠳᠡᠷ ᠰᠠᠶᠢᠵᠢᠷᠠᠭᠤᠯᠤᠯᠲᠠ  ᠶᠢᠨ ᠠᠵᠢᠯ  ᠢ ᠢᠳᠡᠪᠬᠢᠲᠡᠢ ᠪᠠᠷ ᠬᠢᠬᠦ  ᠶᠢ ᠵᠣᠷᠢᠭᠵᠢᠭᠤᠯᠪᠠ᠃︾ ᠭᠡᠵᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠮᠠᠯ ᠠᠵᠤ ᠠᠬᠤᠢ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠥᠪ ᠤᠨ ᠡᠷᠬᠢᠯᠡᠭᠴᠢ ᠬᠤ᠋ ᠱᠤ᠋ ᠭᠤᠸᠠᠩ ᠬᠡᠯᠡᠪᠡ᠃    ᠮᠠᠯᠴᠢᠨ ᠢᠦᠢ ᠱᠠᠨ ᠪᠣᠯ ᠡᠮᠦᠨ᠎ᠡ ᠰᠠᠯᠠᠭ᠎ᠠ ᠭᠠᠴᠠᠭ᠎ᠠ ᠶᠢᠨ ᠬᠤᠯᠠ ᠣᠶᠢᠷ᠎ᠠ ᠳᠤ ᠪᠠᠨ ᠠᠯᠳᠠᠷᠰᠢᠭᠰᠠᠨ ᠦᠬᠡᠷ ᠲᠡᠵᠢᠭᠡᠬᠦ ᠰᠠᠶᠢᠨ ᠭᠠᠷ ᠪᠣᠯᠣᠨ᠎ᠠ᠂ ᠲᠡᠳᠡᠨ ᠤ ᠦᠬᠡᠷ ᠤᠨ ᠰᠦᠷᠦᠭ ᠨᠢ ᠤᠯᠠᠨ ᠵᠢᠯ ᠤᠨ ᠡᠭᠦᠯᠳᠡᠷ ᠰᠠᠶᠢᠵᠢᠷᠠᠭᠤᠯᠬᠤ ᠪᠠᠷ ᠳᠠᠮᠵᠢᠵᠤ᠂ ᠣᠳᠣᠬᠠᠨ ᠳᠤ ᠲᠡᠵᠢᠭᠡᠵᠦ ᠪᠠᠶᠢᠭ᠎ᠠ ᠦᠬᠡᠷ ᠨᠢ ᠪᠦᠬᠦ ᠭᠠᠴᠠᠭ᠎ᠠ ᠶᠢᠨ ᠡᠭᠦᠯᠳᠡᠷ ᠬᠠᠮᠤᠭ ᠤᠨ ᠰᠠᠶᠢᠨ ᠦᠬᠡᠷ ᠪᠣᠯᠣᠨ᠎ᠠ᠃ ᠣᠳᠣ ᠢᠦᠢ ᠱᠠᠨ ᠤ ᠦᠬᠡᠷ  ᠢ ᠴᠥᠮ ︽ᠵᠠᠬᠢᠶᠠᠯᠠᠭ᠎ᠠ ᠶᠢᠨ ᠬᠡᠯᠪᠡᠷᠢ︾ ᠪᠠᠷ ᠭᠠᠳᠠᠭᠰᠢ ᠪᠣᠷᠣᠯᠠᠭᠤᠯᠵᠤ ᠪᠠᠶᠢᠨ᠎ᠠ᠃ ᠢᠦᠢ ᠱᠠᠨ ᠬᠡᠯᠡᠬᠦ ᠳᠡᠭᠡᠨ᠄ ︽ᠡᠬᠡ ᠮᠠᠯ ᠲᠡᠵᠢᠭᠡᠬᠦ ᠰᠠᠨᠠᠭ᠎ᠠ ᠲᠠᠢ ᠬᠥᠮᠥᠨ ᠮᠠᠨ ᠤ ᠭᠡᠷ ᠲᠤ ᠢᠷᠡᠵᠦ ᠮᠠᠯ ᠢ ᠦᠵᠡᠵᠦ᠂ ᠲᠡᠳᠡ ᠦᠵᠡᠵᠦ ᠲᠣᠭᠤᠮᠠᠭᠴᠠ ᠤᠷᠢᠳᠴᠢᠯᠠᠨ ᠵᠣᠭᠤᠰ ᠢᠶᠠᠨ ᠲᠤᠰᠢᠶᠠᠵᠤ᠂ ᠲᠠᠪᠤᠨ ᠰᠠᠷ᠎ᠠ ᠭᠠᠷᠤᠢ ᠶᠢᠨ ᠡᠷ᠎ᠡ ᠲᠤᠭᠤᠯ ᠢ 15000 ᠠᠴᠠ 16000 ᠲᠥᠭᠦᠷᠢᠭ ᠢᠶᠠᠷ ᠬᠤᠳᠠᠯᠳᠤᠳᠠᠭ︾ ᠭᠡᠪᠡ᠃    ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠭᠠᠵᠠᠷ ᠣᠷᠣᠨ ᠤ ᠣᠨᠴᠠᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠤᠯᠠᠮᠵᠢᠯᠠᠯᠲᠤ ᠲᠡᠵᠢᠭᠡᠪᠦᠷᠢ ᠶᠢᠨ ᠰᠠᠭᠤᠷᠢ ᠳᠠᠭᠠᠨ ᠰᠠᠭᠤᠷᠢᠯᠠᠵᠤ᠂ ᠡᠯ᠎ᠡ ᠭᠠᠵᠠᠷ ᠤᠨ ᠲᠡᠵᠢᠭᠡᠪᠦᠷᠢ ᠶᠢᠨ ᠡᠷᠦᠬᠡ ᠶᠢ ᠵᠣᠬᠢᠶᠠᠨ ᠪᠠᠶᠢᠭᠤᠯᠵᠤ ᠲᠡᠷᠢᠭᠦᠨ ᠤ ᠲᠡᠵᠢᠭᠡᠬᠦ ᠮᠡᠷᠭᠡᠵᠢᠯ ᠲᠤᠷᠰᠢᠯᠭ᠎ᠠ ᠶᠢ ᠰᠤᠷᠤᠯᠴᠠᠭᠤᠯᠬᠤ ᠶᠢᠨ ᠬᠠᠮᠲᠤ᠂ ᠬᠤᠰᠢᠭᠤᠨ ᠤ ᠳᠣᠲᠣᠨ᠎ᠠ ᠭᠠᠳᠠᠨᠠᠬᠢ ᠮᠡᠷᠭᠡᠵᠢᠯᠲᠡᠳ ᠢ ᠢᠳᠡᠪᠬᠢᠲᠡᠢ ᠪᠠᠷ ᠤᠷᠢᠨ᠂ ᠪᠣᠯᠪᠠᠰᠣᠷᠠᠭᠤᠯᠣᠯ ᠬᠢᠵᠦ ᠵᠢᠯᠣᠭᠤᠳᠣᠯᠵᠤ᠂ ᠭᠠᠳᠠᠨ ᠠᠴᠠ ᠣᠷᠣᠭᠤᠯᠤᠨ ᠠᠪᠴᠢᠷᠠᠬᠤ ᠪᠠ ᠢᠴᠡᠭᠡᠯ ᠦᠷ᠎ᠡ ᠪᠠᠷ ᠬᠡᠬᠡᠯᠳᠦᠭᠦᠯᠬᠦ ᠶᠢ ᠵᠡᠷᠭᠡᠪᠡᠷ ᠴᠢᠬᠤᠯᠠᠴᠢᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠯᠢᠳᠡᠭ ᠰᠢᠮᠧᠨ᠋ᠲ᠋ᠠᠷ ᠦᠬᠡᠷ ᠤᠨ ᠢᠴᠡᠭᠡᠯ ᠦᠷ᠎ᠡ ᠶᠢᠨ ᠬᠥᠭᠵᠢᠯᠲᠡ ᠶᠢᠨ ᠰᠡᠳᠬᠢᠴᠡ ᠶᠢ ᠶᠡᠬᠡᠪᠡᠷ ᠳᠡᠯᠭᠡᠷᠡᠭᠦᠯᠵᠦ᠂ ᠲᠡᠵᠢᠭᠡᠪᠦᠷᠢ ᠶᠢᠨ ᠡᠷᠦᠬᠡ ᠶᠢ ᠬᠥᠲᠥᠯᠥᠨ ᠵᠢᠯᠤᠭᠤᠳᠬᠤ ᠪᠠ ᠬᠠᠪᠰᠤᠷᠴᠤ ᠪᠠᠶᠢᠭᠠᠳ ᠰᠠᠶᠢᠨ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠵᠦ᠂ ᠦᠬᠡᠷ ᠤᠨ ᠠᠵᠤ ᠦᠢᠯᠡᠰ ᠢ ᠲᠤᠭ᠎ᠠ ᠬᠡᠮᠵᠢᠶᠡᠨ ᠤ ᠬᠡᠯᠪᠡᠷᠢ ᠠᠴᠠ ᠦᠷ᠎ᠡ ᠠᠰᠢᠭ ᠤᠨ ᠬᠡᠯᠪᠡᠷᠢ ᠳᠠᠰᠢ ᠬᠤᠪᠢᠷᠠᠭᠤᠯᠬᠤ ᠶᠢ ᠠᠬᠢᠭᠤᠯᠤᠨ᠂ ᠪᠥᠬᠦ ᠬᠤᠰᠢᠭᠤᠨ ᠤ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠳ ᠢ ᠳᠠᠶᠢᠴᠢᠯᠠᠨ ᠰᠢᠯᠢᠳᠡᠭ ᠡᠭᠦᠯᠳᠡᠷ ᠲᠤ ᠲᠦᠰᠢᠭᠯᠡᠨ ᠰᠠᠶᠢᠨᠬᠠᠨ ᠠᠮᠢᠳᠤᠷᠠᠯ ᠢ ᠡᠳ᠋ᠯᠡᠭᠦᠯᠪᠡ᠃     ᠬᠤ᠋ ᠱᠤ᠋ ᠭᠤᠸᠠᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠮᠠᠯ ᠠᠵᠤ ᠠᠬᠤᠢ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠥᠪ ᠬᠢᠨ ︽ᠵᠢᠱᠢᠶ᠎ᠡ ᠦᠵᠡᠭᠦᠯᠦᠨ ᠳᠠᠭᠠᠭᠤᠯᠬᠤ᠂ ᠱᠠᠲᠤᠯᠠᠨ ᠠᠬᠢᠭᠤᠯᠬᠤ᠂ ᠦᠢᠯᠡᠴᠢᠯᠡᠭᠡ ᠶᠢ ᠢᠵᠢ ᠪᠦᠷᠢᠳᠦᠭᠦᠯᠬᠦ᠂ ᠪᠥᠬᠦ ᠲᠠᠯ᠎ᠠ ᠶᠢ ᠬᠠᠮᠤᠷᠬᠤ︾ ᠠᠵᠢᠯ ᠤᠨ ᠵᠠᠷᠴᠢᠮ ᠢᠶᠠᠷ ᠳᠠᠮᠵᠢᠭᠤᠯᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ᠂ ᠵᠢᠱᠢᠶ᠎ᠡ ᠦᠵᠡᠭᠦᠯᠬᠦ ᠲᠣᠰᠬᠤᠨ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠪᠠᠷ ᠬᠥᠳᠡᠯᠭᠡᠬᠦ᠂ ᠨᠥᠯᠥᠭᠡᠯᠡᠨ ᠳᠠᠶᠢᠴᠢᠯᠠᠬᠤ᠂ ᠤᠬᠠᠭᠤᠯᠤᠨ ᠳᠠᠶᠢᠴᠢᠯᠠᠬᠤ ᠶᠢ ᠳᠣᠪᠤᠶᠢᠯᠭᠠᠵᠤ᠂ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠵᠦ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠵᠦ᠂ 2025 ᠣᠨ ᠪᠣᠯᠬᠤ ᠳᠤ ᠭᠤᠣᠯᠳᠠᠯᠭ᠎ᠠ ᠲᠠᠢ ᠣᠷᠣᠨ ᠪᠦᠰᠡ ᠶᠢᠨ ᠢᠴᠡᠭᠡᠯ ᠦᠡᠷ᠎ᠡ ᠪᠠᠷ ᠬᠡᠭᠡᠯᠲᠦᠭᠦᠯᠵᠦ ᠡᠭᠦᠯᠳᠡᠷ ᠰᠠᠶᠢᠵᠢᠷᠠᠭᠤᠯᠬᠤ ᠮᠤᠬᠤᠷ ᠪᠤᠯᠤᠩ ᠤᠨ ᠪᠠᠯᠠᠢ ᠣᠷᠣᠨ ᠢ ᠠᠷᠢᠯᠭᠠᠵᠤ᠂ ᠪᠥᠬᠦ ᠬᠤᠰᠢᠭᠤᠨ ᠤ ᠦᠬᠡᠷ ᠢ  ᠢᠴᠡᠭᠡᠯ ᠦᠷ᠎ᠡ ᠪᠠᠷ ᠬᠡᠭᠡᠯᠲᠦᠭᠦᠯᠵᠦ ᠡᠭᠦᠯᠳᠡᠷ ᠰᠠᠶᠢᠵᠢᠷᠠᠭᠤᠯᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号