ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠢᠨ ᠬᠠᠤᠯᠢ ᠲᠦᠭᠡᠮᠡᠯᠵᠢᠭᠦᠯᠬᠦ ᠨᠡᠶᠢᠭᠡᠮ ᠲᠣᠭᠤᠷᠢᠭ ᠲᠤ ᠬᠦᠷᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/18
       ᠣᠶᠢᠷ᠎ᠠ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠲᠦᠭᠡᠮᠡᠯᠵᠢᠭᠦᠯᠬᠦ ᠨᠡᠶᠢᠭᠡᠮ ᠲᠣᠭᠤᠷᠢᠭ ᠲᠤ ᠬᠦᠷᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠬᠠᠤᠯᠢ ᠪᠠᠷ ᠵᠠᠰᠠᠬᠤ ᠶᠢ ᠤᠬᠠᠭᠤᠯᠤᠨ ᠲᠠᠶᠢᠯᠪᠤᠷᠢᠯᠠᠬᠤ᠂ ᠬᠥᠨᠳᠡᠯᠡᠨ ᠪᠢᠴᠢᠭᠡᠰᠦ ᠡᠯᠭᠦᠬᠦ᠂ ᠥᠪᠡᠷ ᠢᠶᠠᠨ ᠦᠢᠯᠡᠳᠦᠭᠰᠡᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠤ ᠬᠡᠷᠡᠭ ᠢ ᠪᠠᠶᠢᠴᠠᠭᠠᠬᠤ ᠡᠭᠦᠷᠭᠡ ᠴᠢᠳᠠᠪᠤᠷᠢ᠂ ᠡᠳᠦᠷ ᠲᠤᠳᠤᠮ ᠤᠨ ᠠᠮᠢᠳᠤᠷᠠᠯ ᠤᠨ ᠳᠤᠮᠳᠠ ᠬᠢᠨᠠᠨ ᠪᠠᠶᠢᠴᠠᠭᠠᠵᠤ ᠵᠠᠭᠠᠯᠳᠤᠬᠤ ᠶᠢ ᠬᠦᠯᠢᠶᠡᠨ ᠠᠪᠴᠤ ᠰᠢᠢᠳᠪᠦᠷᠢᠯᠡᠭᠰᠡᠨ ᠨᠡᠶᠢᠲᠡᠯᠢᠭ ᠶᠠᠯ᠎ᠠ ᠶᠢᠨ ᠨᠡᠷ᠎ᠡ ᠵᠢᠴᠢ ᠡᠷᠡᠭᠦᠦ ᠶᠢᠨ ᠬᠠᠤᠯᠢ ᠳᠤ ᠦᠷᠭᠦᠯᠵᠢ ᠬᠠᠷᠠᠭᠳᠠᠳᠠᠭ ᠵᠠᠷᠢᠮ ᠶᠠᠯ᠎ᠠ ᠶᠢᠨ ᠨᠡᠷ᠎ᠡ ᠪᠠ ᠶᠡᠷᠤ ᠶᠢᠨ ᠮᠡᠳᠡᠯᠭᠡ ᠵᠡᠷᠭᠡ ᠳᠤ ᠨᠠᠷᠢᠨ ᠲᠠᠶᠢᠯᠪᠤᠷᠢᠯᠠᠯᠲᠠ ᠬᠢᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠠᠨᠠᠭᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号