| ᠬᠤᠰᠢᠭᠤᠨ ᠤ ᠨᠠᠮ ᠤᠨ ᠬᠤᠷᠢᠶᠠᠨ ᠤ ᠱᠦᠵᠢ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠶᠡᠷᠦᠩᠬᠡᠢ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠰᠬᠠᠢ ᠰᠣᠨᠣᠰᠣᠭᠰᠠᠨ ᠬᠤᠷᠠᠯ ᠤᠨ ᠵᠣᠷᠢᠭ ᠰᠠᠨᠠᠭ᠎ᠠ ᠢᠶᠠᠷ᠂ 10 | ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ | ᠬᠠᠮᠢᠶᠠᠷᠤᠯᠲᠠ ᠵᠢᠷᠤᠮᠵᠢᠯ ᠦᠭᠡᠢ ᠪᠠᠶᠢᠬᠤ ᠠᠰᠠᠭᠤᠳᠠᠯ ᠤᠨ ᠲᠤᠬᠠᠢ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ | ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ᠂ ᠵᠢᠷᠦᠬᠡ ᠪᠠᠯᠭᠠᠰᠤ᠂ ᠭᠡᠷᠴᠢᠯᠠᠭᠤ | ᠰᠤᠮᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ | ᠬᠤᠳᠠᠯᠳᠤᠭᠠᠨ ᠤ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠴᠠᠭᠳᠠᠨ ᠪᠠᠶᠢᠴᠠᠭᠠᠬᠤ ᠠᠯᠪᠠᠨ ᠭᠡᠷ ᠠᠴᠠ ᠠᠷᠪᠠᠨ ᠭᠤᠷᠪᠠᠳᠤᠭᠠᠷ ᠬᠤᠭᠤᠴᠠᠭᠠᠨ ᠤ | ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ᠂ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ | ᠵᠠᠷᠢᠮ ᠰᠤᠮᠤ ᠪᠠᠯᠭᠠᠰᠤᠨ ᠤ ᠭᠠᠴᠠᠭ᠎ᠠ ᠲᠣᠰᠬᠤᠨ ᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ | ᠪᠠᠶᠢᠭ᠎ᠠ ᠨᠡᠶᠢᠲᠡᠯᠢᠭ ᠴᠢᠨᠠᠷᠲᠠᠢ ᠠᠰᠠᠭᠤᠳᠠᠯ ᠢ ᠵᠠᠷᠯᠠᠨ ᠮᠡᠳᠡᠭᠳᠡᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠵᠡᠷᠭᠡ ᠨᠢᠭᠡᠴᠡ ᠠᠴᠠ ᠭᠠᠴᠠᠭ᠎ᠠ ᠲᠣᠰᠬᠤᠨ ᠤ ᠪᠡᠯᠡ ᠮᠥᠩᠭᠦ ᠶᠢᠨ ᠬᠠᠮᠢᠶᠠᠷᠤᠯᠲᠠ ᠶᠢ ᠬᠡᠷᠬᠢᠨ ᠵᠢᠷᠤᠮᠵᠢᠭᠤᠯᠬᠤ | ᠲᠤᠬᠠᠢ ᠠᠵᠢᠯ ᠤᠨ ᠰᠠᠨᠠᠯ ᠢᠶᠠᠨ ᠬᠠᠷᠢᠭᠤ ᠮᠡᠳᠡᠭᠦᠯᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢ ᠵᠢᠷᠤᠮᠵᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ | ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠪᠥᠬᠦ ᠲᠣᠰᠬᠤᠨ ᠤ ᠠᠷᠠᠳ ᠲᠤ ᠥᠮᠴᠢᠯᠡᠭᠦᠯᠵᠦ᠂ | ᠬᠠᠮᠲᠤ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠤᠨ ᠰᠠᠶᠢᠨ ᠮᠠᠭᠤ ᠨᠢ ᠲᠠᠷᠢᠶᠠᠴᠢᠨ ᠮᠠᠯᠴᠢᠨ ᠲᠦᠮᠡᠨ ᠤ | ᠲᠣᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠨ᠎ᠠ᠃ ᠰᠤᠮᠤ ᠪᠠᠯᠭᠠᠰᠤᠨ ᠤ ᠨᠠᠮ ᠤᠨ ᠬᠤᠷᠢᠶ᠎ᠠ ᠬᠢᠨ | ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠦᠨᠡᠨ ᠬᠦ ᠬᠡᠷᠡᠭᠵᠢᠭᠦᠯᠵᠦ | ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠴᠠᠭᠳᠠᠨ ᠪᠠᠶᠢᠴᠠᠭᠠᠵᠤ ᠬᠠᠷᠢᠭᠤ | ᠲᠤᠰᠬᠠᠭᠰᠠᠨ ᠬᠠᠮᠲᠤ ᠶᠢᠨ ᠪᠡᠯᠡ ᠮᠥᠩᠭᠦ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠲᠠᠢ ᠬᠠᠷᠢᠴᠠᠭᠤᠯᠤᠨ᠂ | ᠵᠦᠢᠯ ᠵᠤᠷᠪᠤᠰ ᠳᠠᠷᠠᠭᠠᠯᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ | ᠥᠨᠴᠥᠭ ᠪᠤᠯᠤᠩ ᠦᠯᠡᠳᠡᠭᠡᠬᠦ ᠦᠭᠡᠢ ᠪᠠᠷ ᠠᠷᠠᠳ ᠣᠯᠠᠨ ᠳᠤ ᠲᠣᠳᠣᠷᠬᠠᠢ ᠲᠠᠩᠰᠠ ᠲᠤᠰᠢᠶᠠᠬᠤ ᠬᠡᠷᠡᠭᠲᠡᠢ᠃ | ᠬᠤᠶᠠᠷ ᠲᠤ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠣᠯᠠᠨ | ᠲᠠᠯ᠎ᠠ ᠪᠠᠷ ᠳᠡᠮᠵᠢᠨ ᠠᠬᠢᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠵᠡᠷᠭᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠬᠢᠨ ᠪᠠᠶᠢᠴᠠᠭᠠᠨ ᠵᠢᠯᠤᠭᠤᠳᠬᠤ ᠠᠵᠢᠯ ᠤᠨ | ᠡᠷᠴᠢᠮ ᠢᠶᠠᠨ ᠴᠢᠩᠭᠠᠷᠠᠭᠤᠯᠵᠤ᠂ ᠵᠣᠬᠢᠬᠤ ᠵᠢᠯᠤᠭᠤᠳᠬᠤ᠂ ᠪᠣᠯᠪᠠᠰᠤᠷᠠᠭᠤᠯᠬᠤ᠂ ᠬᠢᠨᠠᠨ ᠬᠠᠮᠢᠶᠠᠷᠬᠤ ᠵᠡᠷᠭᠡ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ | ᠲᠠᠯ᠎ᠠ ᠪᠠᠷ ᠪᠠᠶᠢᠴᠠᠭᠠᠬᠤ ᠪᠠ ᠵᠢᠯᠤᠭᠤᠳᠬᠤ ᠪᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠪᠡᠯᠡ | ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠳ᠋ ᠤᠨ ᠶᠠᠪᠤᠳᠠᠯ ᠤᠨ ᠠᠵᠢᠯᠲᠠᠨ ᠤ ᠵᠦᠢᠯ ᠢᠯᠭᠠᠯ ᠢ ᠬᠡᠷᠡᠭᠯᠡᠬᠦ᠂ | ᠲᠠᠩᠰᠠ ᠬᠠᠷ᠎ᠠ ᠶᠢ ᠰᠢᠢᠳᠪᠦᠷᠢᠯᠡᠬᠦ᠂ ᠡᠳ᠋ ᠬᠥᠷᠥᠩᠭᠡ ᠶᠢ ᠲᠠᠩᠰᠠᠨ ᠳᠤ ᠣᠷᠣᠭᠤᠯᠬᠤ ᠵᠡᠷᠭᠡ ᠲᠤᠬᠠᠶᠢᠯᠠᠭᠰᠠᠨ | ᠠᠵᠢᠯ ᠤᠨ ᠠᠵᠢᠯᠯᠠᠭ᠎ᠠ ᠶᠢ ᠵᠢᠷᠤᠮᠵᠢᠭᠤᠯᠤᠨ ᠲᠠᠰ ᠳᠠᠷᠠᠭᠠᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠲᠡᠢ᠃ ᠲᠠᠷᠢᠶᠠᠯᠠᠩ ᠬᠤᠳᠠᠯᠳᠤᠭᠠᠨ ᠤ ᠪᠠᠩᠬᠢ ᠬᠢᠨ ᠢᠳᠡᠪᠬᠢᠲᠡᠢ ᠪᠠᠷ ᠬᠠᠮᠵᠢᠯᠴᠠᠵᠤ᠂ ᠭᠠᠴᠠᠭ᠎ᠠ ᠲᠣᠰᠬᠤᠨ ᠳᠤ | ᠦᠨᠳᠦᠰᠦᠨ ᠲᠠᠩᠰᠠᠨ ᠡᠷᠦᠬᠡ ᠪᠠᠶᠢᠭᠤᠯᠬᠤ ᠶᠢ ᠲᠦᠷᠭᠡᠳᠬᠡᠵᠦ᠂ ᠨᠢᠭᠡ ᠲᠣᠰᠬᠤᠨ ᠳᠤ ᠨᠢᠭᠡ ᠲᠠᠩᠰᠠᠨ ᠡᠷᠦᠬᠡ | ᠪᠠᠶᠢᠭᠤᠯᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ | ᠪᠠᠶᠢᠭᠠᠳ ᠲᠣᠯᠢ ᠪᠣᠯᠭᠠᠵᠤ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠶᠢ ᠪᠦᠷᠢᠯᠳᠦᠭᠦᠯᠬᠦ ᠬᠡᠷᠡᠭᠲᠡᠢ᠃ ᠵᠢᠷᠦᠬᠡ | ᠪᠠᠯᠭᠠᠰᠤ᠂ ᠭᠡᠷᠴᠢᠯᠠᠭᠤ ᠰᠤᠮᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠤᠨ | ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠯᠤᠰ ᠬᠡᠲᠦ ᠶᠢ | ᠬᠠᠮᠢᠶᠠᠷᠬᠤ᠂ ᠪᠣᠳᠠᠲᠤ ᠦᠷ᠎ᠡ ᠪᠦᠲᠦᠮᠵᠢ ᠲᠠᠢ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠶᠢᠨ ᠲᠤᠷᠰᠢᠯᠭ᠎ᠠ ᠠᠷᠭ᠎ᠠ | ᠬᠢᠳᠡᠯ ᠢ ᠳ᠋ᠦᠩᠨᠡᠬᠦ ᠶᠢ ᠴᠢᠬᠤᠯᠠᠴᠢᠯᠠᠨ᠂ ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ ᠬᠤᠰᠢᠭᠤᠨ ᠤ ᠬᠡᠪᠴᠢᠶᠡᠨ ᠳᠤ | ᠳᠡᠯᠭᠡᠷᠡᠭᠦᠯᠵᠦ᠂ ᠪᠥᠬᠦ ᠬᠤᠰᠢᠭᠤᠨ ᠤ ᠬᠦᠳᠡᠭᠡ ᠲᠣᠰᠬᠤᠨ ᠮᠠᠯᠵᠢᠬᠤ ᠣᠷᠣᠨ ᠤ ᠬᠠᠮᠲᠤ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠪᠡ᠃ | | | |