ᠵᠠᠷᠤᠳ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠬᠢᠨ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/19
            10 ᠰᠠᠷ᠎ᠠ ᠶᠢᠨ 17 ᠤ ᠡᠳᠦᠷ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠬᠢᠨ ᠲᠤᠰᠬᠠᠢ ᠮᠡᠷᠭᠡᠵᠢᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠰᠢᠶᠠᠩᠱᠠᠨ ᠲᠠᠷᠢᠶᠠᠯᠠᠩ ᠤᠨ ᠲᠠᠯᠠᠪᠠᠶ᠂ ᠯᠦᠪᠧᠢ ᠪᠠᠯᠭᠠᠰᠤ ᠵᠡᠷᠭᠡ ᠭᠠᠵᠠᠷ ᠲᠤ ᠬᠦᠷᠴᠦ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠭᠠᠵᠠᠷ ᠤᠨ ᠠᠮᠢᠲᠠᠨ ᠤ ᠬᠢᠵᠢᠭ ᠡᠪᠡᠳᠴᠢᠨ ᠤ ᠨᠠᠮᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠤᠨ ᠠᠬᠢᠴᠠ᠂ ᠪᠷᠦ᠋ᠼᠧᠯ ᠡᠪᠡᠳᠴᠢᠨ ᠤ ᠲᠠᠷᠢᠯᠭ᠎ᠠ ᠬᠢᠬᠦ ᠪᠠ ᠪᠠᠶᠢᠴᠠᠭᠠᠨ ᠰᠢᠯᠭᠠᠭᠰᠠᠨ ᠲᠠᠩᠰᠠ ᠡᠪᠬᠡᠮᠡᠯ ᠤᠨ ᠲᠡᠭᠦᠯᠳᠡᠷᠵᠢᠭᠰᠡᠨ ᠬᠡᠮᠵᠢᠶ᠎ᠡ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ ᠡᠯ᠎ᠡ ᠭᠠᠵᠠᠷ ᠤᠨ ᠮᠠᠯ ᠡᠮᠨᠡᠯᠭᠡ ᠶᠢᠨ ᠠᠵᠢᠯᠲᠠᠳ ᠬᠢᠵᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ ᠵᠢᠷᠤᠮᠵᠢᠭᠤᠯᠵᠤ᠂ ︽ᠲᠠᠷᠢᠯᠭ᠎ᠠ ᠬᠢᠬᠦ ᠶᠣᠰᠣᠲᠠᠢ ᠪᠦᠬᠦᠨ ᠢ ᠲᠠᠷᠢᠯᠭ᠎ᠠ ᠬᠢᠬᠦ︾᠂ ᠲᠠᠷᠢᠯᠭ᠎ᠠ ᠶᠢ ᠪᠦᠬᠦ ᠲᠠᠯ᠎ᠠ ᠪᠠᠷ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     
微信图片_20231019092022.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号