ᠬᠤᠲᠠ ᠶᠢᠨ ᠳᠡᠳ᠋ ᠳᠠᠷᠤᠭ᠎ᠠ ᠰᠦᠨ ᠯᠧ ᠵᠠᠷᠤᠳ ᠬᠤᠰᠢᠭᠤᠨ ᠳᠤ ᠢᠷᠡᠵᠦ ᠬᠦᠳᠡᠭᠡ ᠲᠣᠰᠬᠤᠨ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/19
    10 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠰᠦᠨ ᠯᠧ ᠵᠠᠷᠤᠳ ᠬᠤᠰᠢᠭᠤᠨ ᠳᠤ ᠢᠷᠡᠵᠦ ᠬᠦᠳᠡᠭᠡ ᠲᠣᠰᠬᠤᠨ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶ᠎ᠠ ᠶᠢᠨ ᠳᠠᠷᠤᠭ᠎ᠠ ᠵᠣᠣ ᠴᠠᠩ ᠶᠦᠩ ᠪᠣᠯᠣᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠵᠢᠴᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠣᠯᠪᠠ᠃    ᠰᠦᠨ ᠯᠧ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠬᠤᠩᠬᠠᠲᠤ ᠠᠭᠤᠯᠠ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠯᠦᠪᠧᠢ ᠪᠠᠯᠭᠠᠰᠤ ᠶᠢᠨ ᠢᠦᠢ ᠱᠤ᠋ ᠲᠦᠨ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ᠂ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠠᠰᠢᠲᠠᠢ ᠨᠠᠰᠤᠲᠠᠨ ᠢ ᠠᠰᠠᠷᠠᠬᠤ ᠬᠦᠷᠢᠶᠡᠯᠡᠩ᠂ ᠴᠠᠩ ᠯᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠢᠦᠢ ᠯᠦᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠵᠡᠷᠭᠡ ᠭᠠᠵᠠᠷ ᠲᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠦᠢᠯᠡᠴᠢᠯᠡᠭᠡᠨ ᠤ ᠵᠠᠭᠪᠤᠷ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃    ᠰᠦᠨ ᠯᠧ ᠴᠢᠬᠤᠯᠠᠴᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠠᠷᠠᠳ ᠤᠨ ᠰᠡᠳᠬᠢᠯ ᠤᠨ ᠴᠢᠬᠤᠯᠠ ᠢᠨᠵᠧᠨᠧᠷᠢᠩ ᠪᠣᠯᠣᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠦᠬᠦᠨ ᠢ ᠪᠦᠷᠬᠦᠭᠦᠯᠬᠦ᠂ ᠲᠡᠩᠴᠡᠭᠦᠷᠢᠰᠢᠭᠦᠯᠬᠦ ᠶᠢ ᠲᠦᠷᠭᠡᠨ ᠠᠬᠢᠭᠤᠯᠬᠤ ᠬᠡᠷᠡᠭᠲᠡᠢ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠲᠠᠯᠠᠪᠤᠷ ᠭᠠᠵᠠᠷ᠂ ᠪᠡᠯᠡ ᠮᠥᠩᠭᠦ᠂ ᠡᠮ ᠡᠮᠨᠡᠯᠭᠡ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠶᠢ ᠨᠠᠷᠢᠨ ᠪᠣᠲᠠᠲᠠᠢ ᠨᠠᠶᠢᠳᠠᠪᠤᠷᠢᠵᠢᠭᠤᠯᠤᠨ᠂ ᠠᠮᠢᠳᠤᠷᠠᠯ ᠨᠢ ᠬᠦᠴᠢᠷᠳᠡᠯᠲᠡᠢ ᠨᠠᠰᠤᠲᠠᠶᠢᠴᠤᠳ ᠤᠨ ︽ᠪᠠᠴᠢᠮ ᠬᠦᠴᠢᠷᠲᠡᠢ ᠵᠣᠪᠠᠵᠤ ᠬᠦᠰᠡᠵᠦ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠵᠠᠰᠠᠭ ᠤᠨ ᠣᠷᠳᠣᠨ᠂ ᠨᠡᠶᠢᠭᠡᠮ᠂ ᠵᠠᠬ᠎ᠠ ᠳᠡᠯᠭᠡᠭᠦᠷ ᠪᠠ ᠭᠡᠷ ᠪᠦᠯᠢ ᠶᠢᠨ ᠦᠪᠡᠷ ᠦᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠣᠷᠠᠯᠴᠠᠨ ᠬᠠᠮᠵᠢᠯᠴᠠᠬᠤ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠠᠰᠤᠲᠠᠶᠢᠴᠤᠳ ᠤᠨ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠨᠠᠰᠤᠵᠢᠯ ᠤᠨ ᠬᠥᠮᠥᠰ ᠤᠨ ᠠᠮᠤᠷ ᠲᠦᠪᠰᠢᠨ ᠲᠠᠭᠠᠯᠠᠮᠵᠢᠲᠠᠢ ᠣᠷᠴᠢᠨ ᠲᠣᠭᠤᠷᠢᠨ ᠳᠤ ᠥᠲᠡᠯᠦᠭᠡ ᠨᠠᠰᠤ ᠪᠠᠨ ᠠᠮᠤᠷ ᠵᠢᠮᠤᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号