| 10 ᠰᠠᠷ᠎ᠠ ᠶᠢᠨ 19 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ | ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ | ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠰᠢ ᠯᠢᠨ ᠬᠤᠷᠠᠯ ᠳᠤ | ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ | ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠡᠯ᠎ᠡ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ | ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ | ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠨᠢᠭᠡ ᠠᠴᠠ ᠳᠣᠯᠣᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠺᠠᠳ᠋ᠷ ᠲᠤ ᠬᠢᠨᠠᠯᠲᠠ ᠲᠠᠯᠪᠢᠬᠤ ᠳᠤᠭᠤᠶᠢᠯᠠᠩ ᠤᠨ ᠬᠠᠷᠢᠭᠤᠴᠠᠯᠭᠠᠲᠠᠨ᠂ ᠲᠣᠰ ᠡᠭᠡᠯᠵᠢ ᠶᠢᠨ ᠴᠠᠭᠳᠠᠨ ᠪᠠᠶᠢᠴᠠᠭᠠᠬᠤ | ᠠᠵᠢᠯ ᠳᠤ ᠰᠣᠩᠭᠤᠨ ᠰᠢᠯᠵᠢᠭᠦᠯᠦᠭᠰᠡᠨ ᠺᠠᠳ᠋ᠷ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ | ᠪᠠᠶᠢᠭᠤᠯᠤᠮᠵᠢ ᠶᠢᠨ ᠪᠥᠬᠦ ᠺᠠᠳ᠋ᠷ ᠬᠤᠷᠠᠯ ᠳᠤ ᠣᠷᠣᠯᠴᠠᠪᠠ᠃ | ᠯᠢᠦ ᠰᠢ ᠯᠢᠨ ᠵᠢᠭᠠᠪᠣᠷᠢᠯᠠᠭᠰᠠᠨ ᠨᠢ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ | ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠦᠨᠵᠡᠭᠡᠢ ᠥᠷᠭᠡᠳᠬᠡᠬᠦ ᠲᠠᠯ᠎ᠠ ᠪᠠᠷ ᠭᠦᠨᠵᠡᠭᠡᠢ ᠰᠤᠷᠤᠯᠴᠠᠨ | ᠭᠦᠨᠵᠡᠭᠡᠢ ᠣᠶᠢᠯᠠᠭᠠᠵᠤ᠂ ᠦᠷᠭᠦᠯᠵᠢᠯᠡᠨ ᠴᠢᠷᠮᠠᠶᠢᠨ ᠰᠤᠷᠤᠯᠴᠠᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ | ᠦᠨᠳᠦᠰᠦᠨ ᠡᠭᠦᠷᠭᠡ ᠶᠢ ᠡᠷᠡᠰ ᠡᠭᠦᠷᠭᠡᠯᠡᠵᠦ᠂ ︽ᠭᠤᠷᠪᠠ ᠶᠢ ᠲᠤᠪᠤᠶᠢᠯᠭᠠᠬᠤ︾ ᠶᠢ ᠪᠡᠶᠡᠯᠡᠭᠦᠯᠬᠦ ᠬᠡᠷᠡᠭᠲᠡᠢ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠰᠬᠠᠢ ᠬᠦᠴᠦᠯᠡᠬᠦ | ᠲᠠᠯ᠎ᠠ ᠪᠠᠷ ᠭᠦᠨᠵᠡᠭᠡᠢ ᠰᠤᠷᠤᠯᠴᠠᠨ ᠭᠦᠨᠵᠡᠭᠡᠢ ᠣᠶᠢᠯᠠᠭᠠᠵᠤ᠂ ᠦᠷᠭᠦᠯᠵᠢᠯᠡᠨ ᠴᠢᠷᠮᠠᠶᠢᠨ ᠠᠵᠢᠯᠯᠠᠵᠤ᠂ ᠡᠷᠬᠡ ᠪᠣᠯᠣᠨ | ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠪᠣᠯᠣᠨ ᠤᠳᠤᠷᠢᠳᠬᠤ ᠪᠠᠭ ᠢ ᠴᠢᠩᠭ᠎ᠠ | ᠠᠩᠬᠠᠷᠴᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠣᠷᠣᠰᠢᠵᠤ ᠪᠠᠶᠢᠭ᠎ᠠ ᠤᠯᠤᠰ ᠲᠦᠷᠦ ᠶᠢᠨ | ᠠᠯᠳᠠᠭ᠎ᠠ ᠪᠣᠯᠣᠨ ᠠᠵᠢᠯᠯᠠᠭ᠎ᠠ ᠶᠢᠨ ᠵᠥᠷᠢᠶ᠎ᠡ ᠶᠢ ᠡᠷᠢᠨ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ | ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠲᠤᠰᠬᠠᠬᠤ ᠬᠡᠷᠡᠭᠲᠡᠢ᠃ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠬᠤ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠴᠠᠭᠳᠠᠨ ᠪᠠᠶᠢᠴᠠᠭᠠᠯᠲᠠ ᠶᠢᠨ ᠣᠯᠠᠨ ᠲᠦᠮᠡᠨ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠠᠨ ᠲᠦᠮᠡᠨ ᠤ | ︽ᠪᠠᠴᠢᠮ ᠬᠦᠴᠢᠷᠲᠡᠢ ᠵᠣᠪᠠᠵᠤ ᠬᠦᠰᠡᠵᠦ︾ ᠪᠠᠶᠢᠬᠤ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠨᠠᠮ ᠤᠨ ᠲᠥᠪ | ᠬᠤᠷᠢᠶᠠᠨ ᠤ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠠᠷᠠᠳ ᠤᠨ ᠠᠮᠢᠳᠤᠷᠠᠯ ᠤᠨ ᠬᠦᠷᠢᠶ᠎ᠡ᠂ ᠤᠯᠠᠨ | ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠵᠡᠷᠭᠡ ᠲᠠᠯ᠎ᠠ ᠪᠠᠷ ᠬᠢᠨᠠᠯᠲᠠ ᠲᠠᠯᠪᠢᠬᠤ ᠶᠢ ᠴᠢᠩᠭ᠎ᠠ | ᠠᠩᠬᠠᠷᠴᠤ᠂ ᠴᠠᠭᠳᠠᠨ ᠪᠠᠶᠢᠴᠠᠭᠠᠬᠤ ᠭᠡᠬᠦ ᠡᠨᠡ ᠬᠦ ᠨᠠᠮ ᠤᠨ ᠳᠣᠲᠣᠭᠠᠳᠤ ᠶᠢᠨ ᠬᠢᠨᠠᠯᠲᠠ ᠶᠢᠨ ᠤᠯᠤᠰ ᠲᠦᠷᠦ ᠶᠢᠨ | ᠳᠠᠪᠠᠭᠤᠯᠢᠭ ᠢ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠬᠥᠳᠡᠯᠭᠡᠭᠴᠢ ᠬᠦᠴᠦᠨ ᠪᠠ ᠪᠠᠲᠤᠯᠠᠭ᠎ᠠ ᠪᠣᠯᠭᠠᠨ | ᠬᠤᠪᠢᠷᠠᠭᠤᠯᠵᠤ᠂ ᠬᠢᠨᠠᠯᠲᠠ ᠲᠠᠯᠪᠢᠯᠲᠠ ᠶᠢ ᠴᠢᠩᠭᠠᠳᠬᠠᠬᠤ ᠪᠠᠷ ᠬᠠᠮᠲᠤ ᠪᠠᠷ ᠴᠢᠨᠡᠭᠡᠯᠢᠭᠵᠢᠬᠦ ᠶᠢ ᠲᠦᠷᠭᠡᠳᠬᠡᠬᠦ ᠶᠢ | ᠬᠦᠴᠦᠯᠡᠨ ᠪᠡᠶᠡᠯᠡᠭᠦᠯᠬᠦ ᠬᠡᠷᠡᠭᠲᠡᠢ ᠭᠡᠪᠡ᠃ | ᠯᠢᠦ ᠰᠢ ᠯᠢᠨ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠮᠥᠨ ᠴᠢᠨᠠᠷ ᠤᠨ | ᠱᠠᠭᠠᠷᠳᠠᠯᠭ᠎ᠠ ᠶᠢ ᠡᠵᠡᠮᠳᠡᠵᠦ᠂ ᠡᠷᠬᠡ ᠳᠤ ᠬᠢᠨᠠᠯᠲᠠ ᠲᠠᠯᠪᠢᠬᠤ ᠴᠢᠬᠤᠯᠠᠲᠠᠢ ᠭᠡᠳᠡᠭ ᠢ ᠭᠦᠨᠵᠡᠭᠡᠢ ᠲᠠᠨᠢᠵᠤ᠂ ᠬᠢᠨᠠᠯᠲᠠ | ᠦᠭᠡᠢ ᠡᠷᠬᠡ ᠳᠠᠷᠤᠢ ᠣᠨᠳᠣᠣᠰᠢᠵᠤ᠂ ᠬᠠᠷᠢᠴᠠᠯᠠᠰᠢ ᠦᠭᠡᠢ ᠡᠷᠬᠡ ᠨᠢ ᠬᠠᠷᠢᠴᠠᠯᠠᠰᠢ ᠦᠭᠡᠢ ᠢᠯᠵᠢᠷᠡᠯ ᠢ ᠡᠭᠦᠰᠭᠡᠨ᠎ᠡ | ᠂ ᠡᠷᠬᠡᠪᠰᠢ ︽ᠭᠤᠷᠪᠠᠨ ᠵᠠᠷᠴᠢᠮ︾ ᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠡᠷᠬᠡ ᠶᠢ | ᠬᠢᠵᠠᠭᠠᠷᠯᠠᠬᠤ᠂ ᠬᠠᠷᠢᠭᠤᠴᠠᠯᠭ᠎ᠠ ᠶᠢ ᠱᠠᠯᠠᠪᠳᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠡᠷᠬᠡ ᠶᠢ ᠠᠩᠬᠠᠷᠬᠤ ᠪᠠᠷ | ᠳᠠᠮᠵᠢᠨ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ | ᠠᠷᠭ᠎ᠠ ᠵᠠᠮ ᠢ ᠣᠨᠣᠪᠴᠢᠲᠠᠶ ᠡᠷᠢᠨ ᠣᠯᠵᠤ᠂ ᠴᠠᠭᠳᠠᠨ ᠪᠠᠶᠢᠴᠠᠭᠠᠭᠳᠠᠬᠤ ᠰᠤᠮᠤ ᠪᠠᠯᠭᠠᠰᠤ ᠲᠠᠯᠠᠪᠠᠶ ᠵᠢᠴᠢ ᠬᠠᠷᠢᠶ᠎ᠠ | ᠭᠠᠴᠠᠭ᠎ᠠ ᠲᠣᠰᠬᠤᠨ ᠤ ᠬᠤᠪᠢᠶᠠᠷᠢ ᠲᠠᠯᠠᠪᠠᠶ ᠶᠢᠨ ᠣᠨᠴᠠᠯᠢᠭ ᠪᠠ ᠬᠠᠷᠠᠯᠲᠠᠲᠤ ᠡᠭᠦᠷᠭᠡ ᠲᠠᠢ ᠤᠶᠠᠯᠳᠤᠭᠤᠯᠤᠨ᠂ | ᠬᠢᠨᠠᠯᠲᠠ ᠲᠠᠯᠪᠢᠬᠤ ᠭᠤᠣᠯᠳᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠴᠠᠭᠳᠠᠨ ᠪᠠᠶᠢᠴᠠᠭᠠᠵᠤ ᠬᠢᠨᠠᠯᠲᠠ | ᠲᠠᠯᠪᠢᠬᠤ ᠭᠤᠣᠯᠳᠠᠯᠭ᠎ᠠ ᠲᠠᠢ ᠨᠡᠶᠢᠲᠡᠴᠢ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠵᠥᠷᠢᠶᠡᠲᠦ ᠴᠢᠨᠠᠷ ᠢ | ᠡᠵᠡᠮᠳᠡᠬᠦ ᠶᠢ ᠴᠢᠬᠤᠯᠠᠴᠢᠯᠠᠨ᠂ ᠬᠠᠨᠳᠤᠯᠭᠠᠲᠤ ᠴᠢᠨᠠᠷ ᠢ ᠳᠣᠪᠤᠶᠢᠯᠭᠠᠵᠤ᠂ ︽ᠬᠠᠷᠠᠯᠲᠠ︾ ᠪᠠᠷ ᠬᠦᠴᠦᠯᠡᠨ | ᠴᠢᠷᠮᠠᠶᠢᠵᠤ᠂ ᠬᠢᠨᠠᠯᠲᠠ ᠲᠠᠯᠪᠢᠬᠤ ᠶᠢ ᠣᠨᠣᠴᠠᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︽ᠳᠥᠷᠪᠡ ᠶᠢ | ᠠᠬᠢᠭᠤᠯᠬᠤ︾ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠴᠠᠭᠳᠠᠨ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ᠂ | ᠴᠠᠭᠳᠠᠨ ᠪᠠᠶᠢᠴᠠᠭᠠᠬᠤ ᠶᠢᠨ ᠳᠠᠭᠠᠤ ᠪᠠᠶᠢᠴᠠᠭᠠᠬᠤ ᠶᠢ ᠪᠠᠷᠢᠮᠲᠠᠯᠠᠵᠤ᠂ ᠤᠯᠠᠨ ᠲᠦᠮᠡᠨ ᠳᠤ ᠴᠢᠩᠭ᠎ᠠ ᠲᠤᠰᠬᠠᠯ ᠲᠠᠢ᠂ | ᠪᠠᠶᠢᠳᠠᠯ ᠲᠣᠳᠣᠷᠬᠠᠢ ᠪᠣᠯᠤᠭᠰᠠᠨ᠂ ᠲᠦᠷᠭᠡᠨ ᠰᠢᠢᠳᠪᠦᠷᠢᠯᠡᠵᠦ ᠪᠣᠯᠬᠤ ᠡᠩ ᠤᠨ ᠴᠢᠨᠠᠷᠲᠠᠢ ᠵᠦᠢ ᠵᠣᠬᠢᠰᠲᠠᠢ | ᠭᠤᠮᠣᠳᠠᠯ ᠱᠠᠭᠠᠷᠳᠠᠯᠭ᠎ᠠ᠂ ᠠᠷᠠᠳ ᠤᠨ ᠠᠮᠢᠳᠤᠷᠠᠯ ᠤᠨ ᠵᠦᠢᠯᠡᠰ ᠢ ᠴᠠᠭ ᠲᠤᠬᠠᠢ ᠳᠤᠨᠢ ᠰᠤᠮᠤ ᠪᠠᠯᠭᠠᠰᠤ ᠲᠠᠯᠠᠪᠠᠢ᠂ | ᠭᠠᠴᠠᠭ᠎ᠠ ᠲᠣᠰᠬᠤᠨ ᠤ ᠬᠤᠪᠢᠶᠠᠷᠢ ᠲᠠᠯᠠᠪᠠᠢ ᠳᠤ ᠰᠢᠯᠵᠢᠭᠦᠯᠦᠨ ᠥᠭᠴᠦ ︽ᠣᠬᠤᠷ ᠬᠤᠭᠤᠴᠠᠭ᠎ᠠ ᠪᠠᠷ ᠲᠦᠷᠭᠡᠨ | ᠰᠢᠢᠳᠪᠦᠷᠢᠯᠡᠬᠦ︾ ᠪᠠᠷ ᠰᠢᠢᠳᠪᠦᠷᠢᠯᠡᠵᠦ᠂ ᠠᠰᠠᠭᠤᠳᠠᠯ ᠢ ᠨᠡᠩ ᠪᠦᠬᠦ ᠲᠠᠯ᠎ᠠ ᠪᠠᠷ᠂ ᠲᠤᠶᠢᠯᠪᠤᠷᠢᠲᠠᠢ᠂ ᠲᠦᠷᠭᠡᠨ ᠢᠶᠠᠷ | ᠠᠰᠠᠭᠤᠳᠠᠯ ᠤᠨ ᠦᠨᠳᠦᠰᠦ ᠰᠤᠷᠪᠤᠯᠵᠢ ᠶᠢ ᠢᠯᠡᠷᠡᠭᠦᠯᠬᠦ ᠶᠢᠨ ᠤᠯᠠᠮ ᠠᠴᠠ ᠭᠦᠨᠵᠡᠭᠡᠢ ᠴᠠᠭᠳᠠᠨ ᠪᠠᠶᠢᠴᠠᠭᠠᠬᠤ | ᠬᠡᠷᠡᠭᠲᠡᠢ ᠭᠡᠪᠡ᠃ | ᠯᠢᠦ ᠰᠢ ᠯᠢᠨ ᠱᠠᠭᠠᠷᠳᠠᠭᠰᠠᠨ ᠨᠢ᠂ ᠡᠯ᠎ᠡ ᠲᠦᠷᠦᠯ ᠤᠨ ᠬᠢᠨᠠᠯᠲᠠ ᠲᠠᠯᠪᠢᠵᠤ ᠬᠠᠮᠳᠣᠷᠠᠨ ᠬᠠᠮᠵᠢᠯᠴᠠᠬᠤ ᠶᠢ | ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠵᠤ ᠬᠢᠨᠠᠯᠲᠠ ᠲᠠᠯᠪᠢᠵᠤ | ᠬᠠᠮᠲᠣᠷᠠᠨ ᠬᠠᠮᠵᠢᠯᠴᠠᠬᠤ ᠶᠢ ᠴᠢᠩᠭᠠᠳᠬᠠᠵᠤ᠂ ᠬᠢᠨᠠᠨ ᠪᠣᠳᠣᠯᠲᠠ᠂ ᠡᠳ᠋ ᠤᠨ ᠵᠠᠰᠠᠭ᠂ ᠲᠤᠭ᠎ᠠ ᠪᠦᠷᠢᠳᠬᠡᠯ ᠵᠡᠷᠭᠡ | ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠬᠦᠴᠦᠨ ᠪᠠ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢᠶᠠᠨ | ᠭᠦᠢᠴᠡᠳ ᠠᠰᠢᠭᠯᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ | ᠨᠡᠪᠲᠡᠷᠡᠭᠦᠯᠦᠨ ᠵᠣᠬᠢᠴᠠᠭᠤᠯᠬᠤ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠴᠠᠭᠳᠠᠨ ᠪᠠᠶᠢᠴᠠᠭᠠᠬᠤ | ᠡᠩᠨᠡᠭᠡ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠤᠭᠤᠶᠢᠯᠠᠩ ᠤᠨ ᠳᠣᠲᠣᠭᠠᠳᠤ ᠶᠢᠨ ᠤᠯᠤᠰ | ᠲᠥᠷᠥ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠴᠠᠭᠳᠠᠨ | ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠵᠢᠴᠢ | ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ | ᠲᠤᠬᠠᠢ ᠰᠢᠨ᠎ᠡ ᠱᠠᠭᠠᠷᠳᠠᠯᠭ᠎ᠠ ᠵᠡᠷᠭᠡ ᠠᠭᠤᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ | ᠢᠯᠭᠠᠨ ᠲᠠᠨᠢᠬᠤ᠂ ᠶᠠᠷᠢᠯᠴᠠᠭ᠎ᠠ ᠬᠢᠵᠦ ᠰᠢᠪᠲᠤᠯᠤᠯᠲᠠ ᠭᠠᠷᠭᠠᠬᠤ᠂ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ | ᠵᠡᠷᠭᠡ ᠴᠢᠳᠠᠪᠤᠷᠢ ᠶᠢ ᠬᠦᠴᠦᠯᠡᠨ ᠴᠢᠩᠭᠠᠷᠠᠭᠤᠯᠬᠤ ᠭᠡᠷᠡᠭᠲᠡᠢ᠃ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ | ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠣᠯᠣᠭᠠᠨ ᠵᠦᠢᠯ ᠢ ᠴᠥᠮ ᠥᠯᠥ ᠵᠥᠪᠰᠢᠶᠡᠷᠡᠬᠦ︾ | ᠲᠣᠭᠲᠠᠭᠠᠯ ᠵᠢᠴᠢ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠣᠯᠣᠨ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ | ᠴᠢᠩᠭ᠎ᠠ ᠬᠡᠷᠡᠭᠵᠢᠭᠦᠯᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠬᠤ ᠨᠡᠷ᠎ᠡ ᠪᠠᠷ ᠣᠴᠢᠷ ᠶᠠᠪᠤᠳᠠᠯ ᠬᠦᠰᠡᠨ | ᠨᠡᠶᠢᠳᠡᠵᠤ ᠡᠷᠬᠡᠪᠰᠢ ᠪᠣᠯᠬᠤ ᠦᠭᠡᠢ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠳᠤ ᠶᠠᠮᠠᠷᠪᠠ ᠬᠤᠪᠢ ᠬᠥᠮᠥᠨ ᠤ | ᠱᠠᠭᠠᠷᠳᠠᠯᠭ᠎ᠠ ᠳᠤᠷᠠᠳᠴᠤ ᠡᠷᠬᠡᠪᠰᠢ ᠪᠣᠯᠬᠤ ᠦᠭᠡᠢ᠂ ᠴᠢᠩᠭ᠎ᠠ ᠬᠦᠴᠦᠲᠡᠢ ᠴᠠᠭᠳᠠᠨ ᠪᠠᠶᠢᠴᠠᠭᠠᠵᠤ ᠬᠢᠨᠠᠯᠲᠠ | ᠲᠠᠯᠪᠢᠭᠰᠠᠨ ᠦᠷ᠎ᠡ ᠪᠦᠲᠦᠮᠵᠢ ᠪᠠᠷ ᠣᠳᠣᠬᠢᠴᠢᠯᠠᠭᠰᠠᠨ ᠵᠠᠷᠣᠳ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ | ᠭᠡᠪᠡ᠃ | ᠬᠤᠷᠠᠯ ᠠᠴᠠ ︽ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ | ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ | ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠲᠣᠭᠲᠠᠭᠠᠯ︾ ᠢ ᠨᠡᠶᠢᠲᠡᠯᠡᠪᠡ︔ ᠳᠡᠭᠡᠳᠦ ᠱᠠᠲᠤᠨ ᠤ | ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠰᠢᠭᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠠᠷᠪᠠᠨ ᠭᠤᠷᠪᠠᠳᠤᠭᠠᠷ ᠬᠤᠭᠤᠴᠠᠭᠠᠨ ᠤ | ᠬᠤᠰᠢᠭᠤᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠨᠢ ᠰᠢᠶᠠᠩᠱᠠᠨ | ᠪᠠᠯᠭᠠᠰᠤ᠂ ᠭᠠᠭ᠋ᠠᠶᠢᠲᠤ ᠪᠠᠯᠭᠠᠰᠤ᠂ ᠦᠯᠵᠡᠶᠢᠮᠦ᠋ᠷᠡᠨ ᠰᠤᠮᠤ᠂ ᠴᠢᠪᠠᠭᠠᠲᠤ ᠰᠤᠮᠤ᠂ ᠦᠨᠡᠭᠡᠴᠢ ᠰᠤᠮᠤ᠂ ᠴᠢᠨᠳᠠᠮᠣᠨᠢ | ᠰᠤᠮᠤ᠂ ᠦᠨᠡᠭᠡᠴᠢ ᠮᠠᠯᠵᠢᠯ ᠤᠨ ᠲᠠᠯᠠᠪᠠᠢ᠂ ᠦᠷᠭᠡᠨᠲᠠᠯ᠎ᠠ ᠲᠠᠷᠢᠶᠠᠯᠠᠩ ᠤᠨ ᠲᠠᠯᠠᠪᠠᠢ᠂ ᠪᠠᠶᠠᠨᠮᠠᠩᠬ᠎ᠠ ᠤᠢ | ᠰᠢᠭᠤᠢ ᠶᠢᠨ ᠲᠠᠯᠠᠪᠠᠢ᠂ ᠯᠦᠪᠸᠢ ᠤᠢ ᠰᠢᠭᠤᠢ ᠶᠢᠨ ᠲᠠᠯᠠᠪᠠᠢ᠂ ᠬᠤᠷᠢᠶ᠎ᠡ ᠤᠢ ᠰᠢᠭᠤᠢ ᠶᠢᠨ ᠲᠠᠯᠠᠪᠠᠢ᠂ ᠬᠠᠨ | ᠠᠭᠤᠯᠠ ᠤᠢ ᠰᠢᠭᠤᠢ ᠶᠢᠨ ᠲᠠᠯᠠᠪᠠᠢ᠂ ᠵᠠᠷᠤᠳ ᠬᠤᠰᠢᠭᠤᠨ ᠤ ᠥᠪᠥᠷ ᠮᠣᠩᠭᠤᠯ ᠤᠨ ᠬᠠᠨ ᠠᠭᠤᠯᠠ ᠤᠯᠤᠰ ᠤᠨ | ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ 13 ᠰᠤᠮᠤ ᠪᠠᠯᠭᠠᠰᠤ | ᠲᠠᠯᠠᠪᠠᠢ ᠵᠢᠴᠢ ᠲᠡᠭᠦᠨ ᠤ ᠬᠠᠷᠢᠶ᠎ᠠ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠢ︶ ᠳᠤ ᠪᠠᠶᠢᠩᠭᠤ ᠶᠢᠨ ᠴᠠᠭᠳᠠᠨ | ᠪᠠᠶᠢᠴᠠᠭᠠᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠴᠠᠭᠳᠠᠨ ᠪᠠᠶᠢᠴᠠᠭᠠᠯᠲᠠ ᠦᠷᠨᠢᠭᠦᠯᠦᠨ᠎ᠡ᠃ | | | |