ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ 10 | ᠰᠠᠷ᠎ᠠ ᠶᠢᠨ 18 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠦ᠋ ᠴᠢᠩ ᠬᠠᠢ ᠬᠤᠲᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠢ ᠳᠠᠭᠠᠭᠤᠯᠤᠨ | ᠤᠷᠢᠳ ᠬᠤᠵᠢᠳ ᠴᠢᠪᠠᠭᠠᠳᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠴᠢᠪᠠᠭᠠᠳᠤ ᠭᠠᠴᠠᠭ᠎ᠠ ᠶᠢᠨ ᠡᠷᠡᠭᠦᠯ | ᠬᠠᠮᠠᠭᠠᠯᠠᠯ ᠤᠨ ᠲᠠᠰᠤᠭ᠂ ᠦᠯᠵᠡᠶᠢᠮᠦ᠋ᠷᠡᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ | ᠪᠠᠶᠠᠨᠳᠦ᠋ᠮᠡᠨ ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ᠂ ᠬᠥᠳᠡᠭᠡ ᠲᠣᠰᠬᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠬᠥᠭᠵᠢᠯᠲᠡ ᠶᠢᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠬᠢᠪᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠠᠬᠤᠢ ᠭᠠᠵᠠᠷ ᠲᠤᠨᠢ ᠪᠠᠶᠢᠴᠠᠭᠠᠨ ᠦᠵᠡᠬᠦ᠂ | ᠠᠵᠢᠯ ᠤᠨ ᠲᠠᠨᠢᠯᠴᠠᠭᠤᠯᠭ᠎ᠠ ᠶᠢ ᠰᠣᠨᠣᠰᠬᠤ᠂ ᠨᠢᠭᠤᠷᠲᠠᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ | ᠲᠠᠮᠵᠢᠨ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠴᠠᠯᠢᠩ ᠣᠯᠭᠤᠮᠵᠢ᠂ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠯᠲᠠ᠂ | ᠡᠩᠨᠡᠭᠡ ᠶᠢᠨ ᠪᠠᠶᠢᠭᠤᠯᠤᠯᠲᠠ ᠵᠢᠴᠢ ᠦᠨᠳᠦᠰᠦᠨ ᠡᠮ ᠡᠮᠨᠡᠯᠭᠡ ᠶᠢᠨ ᠬᠤᠳᠠᠯᠳᠤᠨ ᠠᠪᠬᠤ᠂ ᠠᠵᠢᠯᠲᠠᠨ ᠤ | ᠲᠣᠬᠢᠷᠠᠭᠤᠯᠤᠯᠲᠠ᠂ ᠡᠮᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠯᠲᠡ᠂ ᠡᠪᠦᠯ ᠤᠨ ᠤᠯᠠᠷᠢᠯ ᠤᠨ ᠳᠤᠯᠠᠭᠠᠯᠠᠭ᠎ᠠ᠂ | ᠡᠮᠴᠢᠯᠡᠭᠡᠨ ᠤ ᠬᠠᠶᠠᠭᠳᠠᠮᠠᠯ ᠪᠣᠳᠠᠰ ᠤᠨ ᠰᠢᠢᠳᠪᠦᠷᠢᠯᠡᠯᠲᠡ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠣᠷᠣᠰᠢᠵᠤ | ᠪᠠᠶᠢᠭ᠎ᠠ ᠠᠰᠠᠭᠤᠳᠠᠯ ᠪᠠ ᠬᠦᠴᠢᠷᠳᠡᠯ ᠳᠤ ᠰᠠᠨᠠᠯ ᠰᠠᠨᠠᠭᠤᠯᠭ᠎ᠠ ᠳᠤᠷᠠᠳᠪᠠ᠃ |