| | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ | ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠶᠡᠷᠦᠩᠬᠡᠢ | ᠱᠦᠵᠢ ᠶᠢᠨ ᠬᠠᠯᠠᠮᠵᠢᠯᠠᠨ ᠠᠩᠬᠠᠷᠴᠤ ᠪᠠᠶᠢᠭ᠎ᠠ ︽ᠲᠠᠪᠤᠨ ᠶᠡᠭᠡ ᠡᠭᠦᠷᠭᠡ︾᠂ ︽ᠤᠯᠤᠰ ᠤᠨ ᠶᠡᠭᠡ ᠶᠠᠪᠣᠳᠠᠯ︾᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ᠂ ︽ᠭᠤᠷᠪᠠᠨ ᠤᠮᠠᠷᠠᠲᠤ︾ | ᠵᠡᠷᠭᠡ ᠴᠢᠬᠤᠯᠠ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠪᠠᠷ | ᠠᠵᠢᠯᠯᠠᠬᠤ ᠶᠢ ᠠᠬᠢᠭᠤᠯᠬᠤ ᠦᠢᠯᠡᠳᠦᠯᠭᠡ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠲᠠᠪᠣᠷᠢᠵᠢᠭᠤᠯᠬᠤ ᠶᠢᠨ | ᠲᠦᠯᠦᠭᠡ᠂ 10 ᠰᠠᠷ᠎ᠠ ᠶᠢᠨ 19 ᠠᠴᠠ 21 ᠪᠣᠯᠲᠠᠯ᠎ᠠ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠬᠢᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ | ᠨᠣᠮ ᠤᠩᠰᠢᠬᠤ ᠠᠩᠭᠢ ᠶᠢ ᠡᠷᠭᠢᠯᠡᠵᠦ᠂ ᠬᠤᠰᠢᠭᠤᠨ ᠲᠠᠰ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ | ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢ ᠴᠢᠩᠭᠠᠳᠬᠠᠨ᠂ ︽ | ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠤᠢ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠨᠣᠮ ᠤᠩᠰᠢᠬᠤ ᠠᠩᠭᠢ ᠶᠢ ᠤᠯᠠᠮᠵᠢᠯᠠᠨ ᠰᠤᠷᠤᠯᠴᠠᠬᠤ᠂ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠬᠤ᠂ | ᠬᠤᠪᠢ ᠬᠥᠮᠥᠨ ᠥᠪᠡᠷ ᠢᠶᠠᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠢᠶᠠᠷ | ᠬᠢᠴᠢᠶᠡᠯᠯᠡᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠣᠭᠳᠠᠭᠤᠯᠪᠠ᠃ | ᠨᠣᠮ ᠤᠩᠰᠢᠬᠤ ᠠᠩᠭᠢ ᠳᠤ᠂ ᠱᠤᠤ ᠶᠠᠨ ᠵᠢᠶᠦ᠋ᠨ ︽ᠦᠵᠡᠯ ᠰᠠᠨᠠᠭ᠎ᠠ ᠶᠢ ᠰᠤᠷᠤᠯᠴᠠᠵᠦ᠂ ᠨᠠᠮᠴᠢ ᠴᠢᠨᠠᠷ ᠢ | ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠵᠤ ᠭᠤᠣᠯ ᠰᠡᠳᠦᠪᠲᠦ ᠰᠤᠷᠭᠠᠨ | ᠬᠥᠮᠦᠵᠢᠯ ᠤᠨ ᠦᠷ᠎ᠡ ᠪᠦᠲᠦᠭᠡᠯ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠬᠤ︾ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠨᠠᠮ ᠤᠨ ᠬᠢᠴᠢᠶᠡᠯ | ᠵᠢᠭᠠᠪᠠ︔ ᠪᠦᠦ ᠸᠧᠨ ᠯᠠᠨ᠂ ᠦ᠋ ᠴᠢᠩ ᠬᠠᠢ᠂ ᠯᠢᠦ ᠶᠦᠩ᠂ ᠶᠠᠩ ᠽᠢ ᠴᠢᠶᠠᠩ ᠵᠡᠷᠭᠡ ᠭᠠᠵᠠᠷ ᠤᠨ ᠲᠡᠰ ᠤᠨ | ᠤᠳᠤᠷᠢᠳᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠣᠨ ᠨᠠᠮ ᠤᠨ ᠳᠦᠷᠢᠮ᠂ ︽ᠰᠢ ᠶᠢᠨ | ᠫᠢᠩ ᠤᠨ ᠵᠣᠬᠢᠶᠠᠯ ᠤᠨ ᠰᠣᠩᠭᠤᠮᠠᠯ︾ ᠵᠡᠷᠭᠡ 8 ᠵᠦᠢᠯ ᠤᠨ ᠨᠣᠮ ᠤᠨ ᠭᠠᠷᠴᠠᠭ ᠪᠣᠯᠣᠨ ︽ᠥᠪᠥᠷ ᠮᠣᠩᠭᠤᠯ ᠤᠨ | ᠠᠵᠢᠯ ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠳᠠᠭᠠᠭᠤᠯᠤᠨ ᠰᠤᠷᠣᠯᠴᠠᠪᠠ᠃ | ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠫᠷᠤᠹᠥᠰᠰᠤᠷ ᠸᠠᠩ ᠴᠢᠩ ᠳ᠋ᠦᠩ᠂ ︽ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠬᠤ︾ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠪᠡ᠃ ᠨᠣᠮ ᠤᠩᠰᠢᠬᠤ | ᠠᠩᠭᠢ ᠳᠤ ᠣᠷᠣᠯᠴᠠᠭᠰᠠᠨ ᠭᠠᠵᠠᠷ ᠤᠨ ᠳᠡᠰ ᠤᠨ ᠤᠳᠤᠷᠢᠳᠤᠯᠭ᠎ᠠ ᠲᠥᠪᠯᠡᠷᠡᠭᠦᠯᠦᠨ ᠰᠤᠷᠤᠯᠴᠠᠬᠤ ᠪᠠ ᠬᠤᠪᠢ | ᠬᠥᠮᠥᠨ ᠥᠪᠡᠷ ᠢᠶᠠᠨ ᠰᠤᠷᠤᠯᠴᠠᠭᠰᠠᠨ ᠰᠠᠭᠤᠷᠢᠨ ᠳᠡᠭᠡᠷ᠎ᠡ᠂ ︽︿ᠲᠠᠪᠤᠨ ᠶᠡᠭᠡ ᠡᠭᠦᠷᠭᠡ﹀ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠷᠣᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ | ᠣᠯᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢ ᠦᠷᠨᠢᠭᠦᠯᠪᠡ᠃ ᠲᠥᠪᠯᠡᠷᠡᠭᠦᠯᠦᠨ | ᠰᠤᠷᠤᠯᠴᠠᠬᠤ ᠪᠠᠷ ᠳᠡᠮᠵᠢᠨ᠂ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠪᠠᠶᠠᠯᠢᠭ | ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠭᠦᠨᠵᠡᠭᠡᠢ | ᠣᠶᠢᠯᠠᠭᠠᠨ ᠡᠵᠡᠮᠰᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ | ᠂ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠦᠷᠭᠦᠯᠵᠢᠯᠡᠨ ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ | ᠴᠢᠩᠭᠠᠳᠬᠠᠬᠤ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠪᠠᠲᠤᠳᠬᠠᠬᠤ ᠵᠣᠷᠢᠯᠭ᠎ᠠ ᠳᠠᠭᠠᠨ ᠦᠨᠡᠨᠬᠦ | ᠬᠦᠷᠦᠭᠦᠯᠪᠡ᠃ | ᠱᠤᠤ ᠶᠠᠨ ᠵᠢᠶᠦ᠋ᠨ ᠤᠯᠠᠨ ᠲᠠᠢ ᠰᠤᠷᠤᠯᠴᠠᠭᠰᠠᠨ ᠣᠶᠢᠯᠠᠭᠠᠯᠲᠠ ᠪᠠ ᠣᠯᠣᠯᠲᠠ ᠪᠠᠨ ᠬᠤᠪᠢᠶᠠᠯᠴᠠᠪᠠ᠃ ᠲᠡᠷᠡ | ᠬᠡᠯᠡᠭᠰᠡᠨ ᠨᠢ᠂ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠨᠢ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠨᠡᠶᠢᠭᠡᠮ ᠵᠢᠷᠤᠮ᠂ ᠡᠪ ᠬᠠᠮᠲᠤ ᠶᠣᠰᠣᠨ ᠤ ᠲᠤᠬᠠᠢ | ᠢᠲᠡᠭᠡᠯ ᠪᠢᠰᠢᠷᠡᠯ ᠢ ᠭᠦᠨᠵᠡᠭᠡᠢ ᠢᠯᠡᠷᠡᠭᠦᠯᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ | ᠤᠯᠤᠰ ᠲᠦᠷᠦ ᠶᠢᠨ ᠬᠡᠪ ᠰᠤᠷᠲᠠᠯ᠂ ᠦᠷᠳᠡᠭ ᠤᠨ ᠬᠥᠭᠡᠭᠡᠴᠡᠯᠳᠦᠯ᠂ ᠤᠶᠤᠨ ᠰᠠᠨᠠᠭᠠᠨ ᠤ ᠬᠡᠪ ᠨᠠᠮᠪᠠ ᠶᠢ | ᠲᠥᠪᠯᠡᠷᠡᠩᠭᠦᠢ ᠳᠣᠰᠬᠠᠪᠠ᠂ ᠡᠨᠡ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠦᠵᠡᠯ ᠰᠠᠨᠠᠭ᠎ᠠ ᠪᠠ ᠤᠶᠤᠨ ᠰᠠᠨᠠᠭᠠᠨ ᠤ ᠲᠤᠭ ᠲᠡᠮᠳᠡᠭ ᠮᠥᠨ᠃ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠡᠶᠡᠴᠢ | ᠶᠢᠷᠲᠢᠨᠴᠦ ᠪᠠᠨ ᠥᠭᠡᠷᠡᠴᠢᠯᠡᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠲᠤᠬᠠᠢ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠬᠤ᠂ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ᠂ ᠨᠠᠮᠴᠢ ᠴᠢᠨᠠᠷ ᠤᠨ | ᠪᠣᠯᠪᠠᠰᠤᠷᠠᠯ ᠢᠶᠠᠨ ᠴᠢᠩᠭᠠᠳᠬᠠᠬᠤ ᠵᠡᠷᠭᠡ ᠠᠯᠢ ᠤᠯᠠᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠡᠪ | ᠬᠠᠮᠲᠤᠴᠤᠳ ᠤᠨ ᠤᠯᠤᠰ ᠲᠦᠷᠦ ᠶᠢᠨ ᠣᠣᠷ ᠴᠢᠨᠠᠷ ᠢᠶᠠᠨ ᠢᠮᠠᠭᠲᠠ ᠪᠠᠷᠢᠮᠲᠠᠯᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠠᠵᠠ ᠲᠣᠬᠢᠶᠠᠯ ᠢ ᠴᠢᠩᠭ᠎ᠠ | ᠠᠳᠬᠤᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠲᠠᠢ ᠬᠠᠷᠢᠴᠠᠭᠤᠯᠵᠤ᠂ ᠨᠠᠮ ᠤᠨ | ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠲᠠᠢ ᠬᠠᠷᠢᠴᠠᠭᠤᠯᠵᠤ᠂ ᠲᠠᠬᠢᠨ ᠪᠠᠶᠢᠴᠠᠭᠠᠨ ᠦᠵᠡᠵᠦ᠂ ᠲᠠᠬᠢᠨ ᠭᠦᠨᠵᠡᠭᠡᠶᠢᠷᠡᠭᠦᠯᠵᠦ᠂ ᠲᠠᠬᠢᠨ | ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠯᠠᠪᠳᠠᠭᠤᠨ | ᠪᠠᠲᠤᠲᠠᠢ ᠪᠠᠶᠢᠯᠭᠠᠵᠤ᠂ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ᠃ ᠤᠬᠠᠮᠰᠠᠷ ᠠᠴᠠ ᠪᠠᠨ ᠭᠤᠣᠯ | ᠰᠡᠳᠦᠪᠲᠦ ᠬᠥᠮᠦᠵᠢᠯ ᠤᠨ ᠵᠠᠩᠭᠢᠯᠠᠭ᠎ᠠ ᠶᠢᠨ ᠴᠡᠭ ᠢ ᠺᠠᠳ᠋ᠷ ᠤᠨ ︽ᠲᠦᠷᠪᠡᠨ ᠰᠤᠷᠲᠠᠯ︾ ᠤᠨ ︽ᠰᠢᠯᠭᠠᠯᠲᠠ ᠶᠢᠨ | ᠴᠡᠭ︾ ᠪᠣᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ | ᠬᠠᠷᠢᠶᠠᠯᠠᠭᠳᠠᠭᠰᠠᠳ ᠢ ᠴᠢᠩᠭ᠎ᠠ ᠬᠠᠮᠢᠶᠠᠷᠴᠤ᠂ ᠠᠵᠢᠯ ᠨᠢᠭᠡᠪᠦᠷᠢ ᠶᠢ ᠪᠣᠯᠭᠤᠮᠵᠢᠲᠠᠢ ᠯᠠᠪᠳᠠᠭᠤᠨ ᠢᠶᠠᠷ ᠰᠢᠢᠳᠪᠦᠷᠢᠯᠡᠵᠦ | ᠂ ᠭᠤᠣᠯ ᠰᠡᠳᠦᠪᠲᠦ ᠬᠥᠮᠦᠵᠢᠯ ᠤᠨ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠳᠠᠯᠠᠬᠤ | ᠠᠯᠬᠤᠮ ᠪᠦᠷᠢ ᠶᠢ ᠦᠷᠭᠦᠯᠵᠢᠯᠡᠨ ᠰᠠᠶᠢᠲᠤᠷ ᠶᠠᠪᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ︽ | ᠳᠣᠯᠣᠭᠠᠨ ᠵᠦᠢᠯ ᠢ ᠲᠠᠶᠠᠭᠳᠠᠬᠤ︾ ᠶᠢ ᠴᠢᠷᠮᠠᠶᠢᠨ ᠦᠢᠯᠡᠳᠦᠯᠭᠡᠵᠢᠭᠦᠯᠵᠦ᠂ ︽ᠤᠳᠠᠭᠠᠨ᠂ ᠪᠦᠳᠦᠭᠦᠯᠢᠭ᠂ | ᠬᠡᠶᠢᠰᠪᠦᠷᠢ︾ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠡᠷᠬᠡᠪᠰᠢ ᠱᠠᠭᠠᠷᠳᠠᠭᠳᠠᠬᠤ ᠡᠯ᠎ᠡ ᠲᠠᠯ᠎ᠠ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ | ᠳᠤᠲᠠᠭᠳᠠᠯ᠂ ᠴᠢᠳᠠᠪᠤᠷᠢ ᠶᠢᠨ ᠳᠣᠲᠠᠭᠳᠠᠯ᠂ ᠲᠤᠷᠰᠢᠯᠭ᠎ᠠ ᠶᠢᠨ ᠪᠠᠭᠤᠷᠠᠢ ᠲᠠᠯ᠎ᠠ ᠶᠢ ᠨᠥᠬᠦᠪᠦᠷᠢᠯᠡᠵᠦ᠂ ᠭᠤᠣᠯ | ᠰᠡᠳᠦᠪᠲᠦ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠤᠰ ᠭᠠᠵᠠᠷ ᠣᠷᠣᠨ ᠲᠤᠰ | ᠰᠠᠯᠠᠭ᠎ᠠ ᠮᠥᠴᠢᠷ ᠤᠨ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ | ᠢᠯᠡᠷᠡᠭᠦᠯᠦᠭᠰᠡᠨ ᠰᠤᠷᠤᠯᠴᠠᠯᠭ᠎ᠠ ᠠᠵᠢᠯ ᠤᠨ ᠬᠠᠯᠠᠭᠤᠨ ᠰᠡᠳᠬᠢᠯᠭᠡ ᠶᠢ ᠬᠦᠴᠢᠷ ᠢ ᠲᠤᠭᠤᠯᠤᠨ ᠬᠦᠴᠢᠷ ᠢ | ᠲᠤᠭᠤᠯᠬᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠤᠨ ᠬᠤᠭᠤᠴᠠᠭᠠᠨ ᠳᠤ᠂ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠸᠡᠩ ︽ᠬᠤᠶᠠᠷ ᠶᠡᠭᠡ | ᠶᠠᠪᠤᠳᠠᠯ ᠢᠶᠠᠷ ᠭᠤᠣᠯ ᠪᠣᠯᠭᠠᠨ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠶ᠎ᠠ︾ ᠭᠡᠬᠦ ᠵᠣᠬᠢᠶᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠡᠸ᠋ᠩ ᠰᠢᠶᠠᠨ ᠳ᠋ᠦᠩ ᠤᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠦᠩᠯᠢᠶᠣᠣ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ | ᠲᠠᠪᠤᠳᠤᠭᠠᠷ ᠪᠦᠬᠦᠳᠡ ᠬᠤᠷᠠᠯ︾ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ︽ᠰᠡᠳᠬᠢᠯ ᠲᠠᠯᠪᠢᠨ ᠦᠨᠳᠦᠰᠦᠨ | ᠱᠠᠲᠤᠨ ᠳᠤ ᠪᠠᠭᠤᠵᠤ ᠰᠡᠳᠬᠢᠯ ᠢᠶᠠᠨ ᠠᠷᠠᠳ ᠲᠦᠮᠡᠨ ᠲᠠᠢ ᠣᠶᠢᠷᠠᠲᠤᠭᠤᠯᠪᠠ -- ᠹᠦᠵᠢᠶᠠᠨ ᠤ ︿ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ﹀ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠭᠤᠣᠯ ᠰᠡᠳᠦᠪᠲᠦ ᠬᠥᠮᠦᠵᠢᠯ ᠢ | ᠭᠦᠨᠵᠡᠭᠡᠢ ᠥᠷᠨᠢᠭᠦᠯᠦᠭᠰᠡᠨ ᠲᠤᠷᠰᠢᠯᠭ᠎ᠠ ᠶᠢᠨ ᠬᠡᠷᠡᠭ ᠤᠨ ᠵᠢᠱᠢᠶ᠎ᠡ︾ ᠶᠢ ᠤᠯᠠᠮᠵᠢᠯᠠᠨ ᠰᠤᠷᠤᠯᠴᠠᠪᠠ᠃ | | | |