| ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠭᠠᠵᠠᠷ ᠣᠷᠣᠨ ᠤ ᠳᠤᠯᠠᠭᠠᠯᠠᠭ᠎ᠠ ᠶᠢᠨ ᠤᠯᠠᠷᠢᠯ ᠪᠣᠯᠵᠤ | ᠂ ᠤᠯᠤᠰ ᠤᠨ ᠴᠠᠬᠢᠯᠭᠠᠨ ᠲᠣᠣᠷ ᠤᠨ ᠵᠠᠷᠤᠳ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠬᠢᠨ ᠢᠳᠡᠪᠬᠢᠲᠡᠢ ᠪᠠᠷ | ᠵᠣᠬᠢᠴᠠᠭᠤᠯᠵᠤ᠂ ᠤᠷᠢᠳᠴᠢᠯᠠᠨ ᠪᠠᠶᠢᠷᠢᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠬᠠᠷᠢᠶ᠎ᠠ ᠣᠷᠣᠨ ᠤ ᠪᠠᠨ ᠴᠠᠬᠢᠯᠭᠠᠨ ᠢᠶᠠᠷ ᠳᠤᠯᠠᠭᠠᠯᠠᠬᠤ ᠬᠡᠷᠡᠭᠯᠡᠭᠴᠢᠳ ᠤᠨ ᠳᠣᠯᠠᠭᠠᠨ ᠪᠦᠯᠢᠶᠡᠨ ᠡᠪᠦᠯᠵᠢᠬᠦ ᠶᠢ | ᠪᠠᠲᠤᠯᠠᠪᠠ᠃ | ᠳᠤᠯᠠᠭᠠᠯᠭ᠎ᠠ ᠶᠢᠨ ᠤᠯᠠᠷᠢᠯ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ | ᠬᠢᠬᠦ ᠶᠢᠨ ᠲᠥᠯᠥᠭᠡ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠢᠵᠢ ᠪᠦᠷᠢᠳᠦᠭᠰᠡᠨ ᠴᠠᠬᠢᠯᠭᠠᠨ | ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠬᠡᠮᠵᠢᠯᠲᠡ ᠶᠢᠨ ᠤᠭᠰᠠᠷᠠᠬᠤ ᠬᠤᠷᠳᠤᠴᠠ ᠶᠢ | ᠲᠠᠰᠤᠷᠠᠯᠲᠠ ᠦᠭᠡᠢ ᠲᠦᠷᠭᠡᠳᠬᠡᠵᠦ᠂ ᠡᠯ᠎ᠡ ᠡᠵᠡᠩᠨᠡᠯᠲᠡ ᠶᠢᠨ ᠴᠣᠩᠬᠤᠪᠴᠢ ᠶᠢᠨ ᠴᠠᠬᠢᠯᠭᠠᠨ ᠢᠶᠠᠷ ᠳᠤᠯᠠᠭᠠᠯᠠᠬᠤ ᠶᠢ | ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ᠤᠨ ︽ᠰᠠᠭᠠᠳ ᠦᠭᠡᠢ ᠦᠢᠯᠡᠴᠢᠯᠡᠭᠡᠨ ᠤ ᠵᠠᠮ︾ ᠢ ᠨᠡᠭᠡᠭᠡᠵᠦ᠂ | ᠴᠠᠬᠢᠯᠭᠠᠨ ᠬᠠᠩᠭᠠᠬᠤ ᠣᠷᠣᠨ ᠤ ᠳᠠᠭᠠᠭᠠᠮᠠᠯ ᠭᠡᠷ ᠲᠤᠨᠢ ᠬᠦᠷᠴᠦ ᠦᠢᠯᠡᠴᠢᠯᠡᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ᠴᠠᠬᠢᠯᠭᠠᠨ ᠢᠶᠠᠷ ᠳᠣᠯᠠᠭᠠᠯᠠᠬᠤ ᠬᠡᠷᠡᠭᠯᠡᠭᠴᠢ ᠳᠤ ᠭᠡᠷ ᠲᠤᠨᠢ ᠬᠦᠷᠴᠦ ᠮᠡᠳᠡᠭᠦᠯᠦᠨ ᠤᠭᠰᠠᠷᠠᠬᠤ᠂ | ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠪᠠᠶᠢᠴᠠᠭᠠᠬᠤ ᠵᠡᠷᠭᠡ ᠲᠤᠰᠬᠠᠢ ᠦᠢᠯᠡᠴᠢᠯᠡᠭᠡ ᠬᠠᠩᠭᠠᠪᠠ᠃ ᠡᠭᠦᠨ ᠤ | ᠵᠡᠷᠭᠡ ᠳᠤ᠂ ᠲᠣᠣᠷ ᠲᠣᠬᠢᠷᠠᠭᠤᠯᠬᠤ ᠵᠠᠮ ᠱᠤᠭᠤᠮ ᠤᠨ ᠲᠥᠬᠦᠭᠡᠷᠦᠮᠵᠢ ᠶᠢ ᠠᠵᠢᠯᠯᠠᠭᠤᠯᠵᠤ ᠪᠠᠲᠤᠯᠠᠬᠤ ᠶᠢ | ᠴᠢᠩᠭᠠᠳᠬᠠᠵᠤ᠂ ᠴᠠᠬᠢᠯᠭᠠᠨ ᠢᠶᠠᠷ ᠳᠤᠯᠠᠭᠠᠯᠠᠬᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠢ ᠠᠮᠤᠷ ᠲᠦᠪᠰᠢᠨ ᠢᠶᠠᠷ ᠡᠪᠦᠯᠵᠢᠭᠦᠯᠵᠦ ᠪᠤᠢ᠃ | 9 ᠰᠠᠷ᠎ᠠ ᠠᠴᠠ ᠨᠠᠰᠢ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠬᠢᠨ ᠴᠠᠬᠢᠯᠭᠠᠨ ᠢᠶᠠᠷ ᠳᠤᠯᠠᠭᠠᠯᠠᠬᠤ ᠶᠢ | ᠣᠭᠰᠠᠷᠠᠬᠤ ᠣᠷᠢᠳᠴᠢᠯᠠᠨ ᠮᠡᠳᠡᠭᠦᠯᠦᠭᠰᠡᠨ ᠬᠡᠷᠡᠭᠯᠡᠭᠴᠢ ᠶᠢᠨ ᠲᠤᠭ᠎ᠠ ᠪᠠᠷ᠂ ᠬᠡᠷᠡᠭᠯᠡᠭᠴᠢ ᠶᠢᠨ ᠪᠠᠶᠢᠭ᠎ᠠ ᠠᠶᠢᠯ | ᠲᠣᠰᠬᠤᠨ᠂ ᠬᠦᠴᠦᠳᠡᠯ ᠦᠭᠡᠷᠡᠴᠢᠯᠡᠭᠴᠢ ᠶᠢ ᠦᠨᠳᠦᠰᠦᠯᠡᠵᠦ᠂ ᠵᠠᠮ ᠱᠤᠭᠤᠮ᠂ ᠬᠦᠴᠦᠳᠡᠯ ᠦᠭᠡᠷᠡᠴᠢᠯᠡᠭᠴᠢ ᠵᠡᠷᠭᠡ | ᠪᠠᠶᠢᠳᠠᠯ ᠳᠤ ᠳᠠᠭᠠᠭᠠᠴᠠ ᠶᠢᠨ ᠵᠠᠳᠠᠯᠤᠯᠲᠠ ᠬᠢᠵᠦ᠂ ᠴᠠᠬᠢᠯᠭᠠᠨ ᠢᠶᠠᠷ ᠳᠤᠯᠠᠭᠠᠯᠠᠬᠤ ᠬᠡᠷᠡᠭᠯᠡᠭᠴᠢ ᠶᠢᠨ ᠣᠲᠣ ᠶᠢᠨ | ᠪᠠᠶᠢᠭ᠎ᠠ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠪᠠᠷ ᠬᠦᠴᠦᠳᠡᠯ ᠦᠡᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠬᠦ | ᠪᠠ ᠵᠠᠮ ᠱᠤᠭᠤᠮ ᠤᠨ ᠥᠭᠡᠷᠡᠴᠢᠯᠡᠯᠲᠡ ᠬᠢᠵᠦ᠂ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ᠂ ᠡᠳ᠋ | ᠪᠣᠳᠠᠰ ᠤᠨ ᠪᠠᠲᠤᠯᠠᠭ᠎ᠠ ᠶᠢ ᠴᠢᠩᠭᠠᠳᠬᠠᠨ᠂ ᠪᠠᠷᠢᠯᠭ᠎ᠠ ᠶᠢᠨ ᠡᠩᠨᠡᠭᠡ ᠶᠢ ᠵᠣᠬᠢᠴᠠᠭᠤᠯᠵᠤ ᠪᠠᠶᠢᠭᠠᠳ ᠢᠵᠢ | ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠡᠮᠬᠢ ᠵᠢᠷᠤᠮ ᠲᠠᠢ ᠥᠷᠨᠢᠭᠦᠯᠵᠦ᠂ | ᠡᠯ᠎ᠡ ᠲᠥᠪ ᠤᠨ ᠴᠠᠬᠢᠯᠭᠠᠨ ᠬᠠᠩᠭᠠᠬᠤ ᠡᠵᠡᠩᠨᠡᠯᠲᠡ ᠶᠢᠨ ᠭᠠᠵᠠᠷ ᠨᠢ ᠡᠳᠦᠷ ᠤᠨ ᠨᠡᠮᠡᠭᠳᠡᠯ ᠤᠨ ᠬᠡᠮᠵᠢᠶ᠎ᠡ ᠪᠠᠷ | ᠮᠡᠳᠡᠭᠦᠯᠦᠨ ᠤᠭᠰᠠᠷᠠᠬᠤ ᠪᠠ ᠴᠠᠬᠢᠯᠭᠠᠨ ᠬᠡᠮᠵᠢᠭᠦᠷ ᠤᠨ ᠴᠠᠬᠢᠯᠭᠠᠨ ᠵᠠᠯᠭᠠᠬᠤ ᠬᠦᠴᠦᠨ ᠢ ᠵᠦᠢ ᠵᠣᠬᠢᠰᠲᠠᠢ | ᠲᠣᠬᠢᠷᠠᠭᠤᠯᠪᠠ᠃ ᠣᠲᠣ ᠶᠢᠨ ᠪᠠᠶᠢᠭ᠎ᠠ ᠬᠡᠮᠵᠢᠶᠡᠨ ᠤ ᠴᠠᠬᠢᠯᠭᠠᠨ ᠢᠶᠠᠷ ᠳᠤᠯᠠᠭᠠᠯᠠᠬᠤ ᠬᠡᠷᠡᠭᠯᠡᠭᠴᠢ ᠶᠢᠨ ᠭᠡᠷ ᠲᠤᠨᠢ | ᠬᠦᠷᠴᠦ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠪᠠᠶᠢᠴᠠᠭᠠᠬᠤ ᠪᠠ ᠳᠠᠯᠳᠠ ᠬᠡᠮ ᠢ ᠪᠠᠶᠢᠴᠠᠭᠠᠨ ᠵᠠᠰᠠᠬᠤ ᠪᠠᠷ | ᠳᠠᠮᠵᠢᠭᠤᠯᠤᠨ᠂ ᠥᠷᠭᠡᠨ ᠣᠯᠠᠨ ᠴᠠᠬᠢᠯᠭᠠᠨ ᠢᠶᠠᠷ ᠳᠤᠯᠠᠭᠠᠯᠠᠬᠤ ᠬᠡᠷᠡᠭᠯᠡᠭᠴᠢ ᠶᠢ ᠰᠠᠨᠠᠭ᠎ᠠ ᠠᠮᠤᠷ᠂ ᠴᠠᠭ ᠲᠣᠬᠠᠢ | ᠳᠤᠨᠢ ᠨᠠᠶᠢᠳᠠᠪᠤᠷᠢᠲᠠᠢ ᠴᠠᠬᠢᠯᠭᠠᠨ ᠬᠡᠷᠡᠭᠯᠡᠭᠦᠯᠪᠡ᠃ ᠣᠲᠣ ᠪᠣᠯᠲᠠᠯ᠎ᠠ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ | ᠨᠢᠭᠡᠨᠲᠡ ᠮᠡᠳᠡᠭᠦᠯᠦᠭᠰᠡᠨ 410 ᠡᠷᠦᠬᠡ ᠴᠠᠬᠢᠯᠭᠠᠨ ᠶᠢ ᠳᠣᠯᠠᠭᠠᠯᠠᠬᠤ ᠬᠡᠷᠡᠭᠯᠡᠭᠴᠢ ᠳᠤ ᠪᠦᠬᠦᠨ ᠢ ᠣᠭᠰᠠᠷᠠᠵᠤ᠂ | 96 ᠺᠢᠯᠣᠮᠧᠲᠷ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ 56 | ᠨᠡᠶᠢᠲᠡ ᠶᠢᠨ ᠬᠡᠷᠡᠭᠯᠡᠭᠡᠨ ᠤ ᠬᠦᠴᠦᠳᠡᠯ ᠦᠭᠡᠷᠡᠴᠢᠯᠡᠭᠴᠢ ᠳᠤ ᠬᠤᠯᠪᠣᠭᠳᠠᠭᠰᠠᠨ ᠪᠠᠶᠢᠨ᠎ᠠ᠃ | |