10 ᠰᠠᠷ᠎ᠠ ᠶᠢᠨ 23 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ | ᠶᠢᠰᠦᠨ ᠰᠠᠷ᠎ᠠ ᠶᠢᠨ ᠶᠢᠰᠦᠨ ᠤ ᠪᠠᠶᠠᠷ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠤ ︽ᠬᠤᠶᠠᠷ ᠢ | ᠮᠡᠳᠡᠭᠦᠯᠵᠦ ᠬᠤᠶᠠᠷ ᠢ ᠦᠢᠯᠡᠴᠢᠯᠡᠬᠦ︾ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠵᠤ ︽ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠡᠷᠡᠭᠦᠯ ᠮᠡᠨᠳᠦ ᠶᠢ ᠭᠡᠷ ᠲᠤᠨᠢ ᠬᠦᠷᠭᠡᠬᠦ ︾ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠠᠮ ᠤᠨ | ᠭᠡᠰᠢᠭᠦᠨ ᠺᠠᠳ᠋ᠷᠴᠤᠳ ᠬᠠᠷᠢᠶ᠎ᠠ ᠣᠷᠣᠨ ᠤ ᠪᠠᠨ ᠨᠠᠰᠤᠲᠠᠶᠢᠴᠤᠳ ᠤᠨ ᠳᠤᠮᠳᠠ ᠭᠦᠨᠵᠡᠭᠡᠶᠢᠷᠡᠵᠦ᠂ ᠨᠢᠭᠤᠷᠲᠠᠨ | ᠰᠣᠯᠢᠯᠴᠠᠬᠤ᠂ ᠲᠣᠬᠤᠨᠢᠭᠤᠯᠬᠤ ᠪᠣᠳᠠᠰ ᠬᠦᠷᠭᠡᠬᠦ᠂ ᠡᠷᠡᠭᠦᠯ ᠮᠡᠨᠳᠦ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ | ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠰᠤᠲᠠᠨ ᠢᠶᠠᠨ | ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠰᠢᠨ᠎ᠡ ᠬᠡᠪ ᠰᠤᠷᠲᠠᠯ ᠢ ᠤᠯᠠᠮ ᠨᠢᠭᠡ | ᠠᠯᠬᠤᠮ ᠰᠠᠨᠠᠭᠠᠴᠢᠯᠠᠪᠠ᠃ | | | |