ᠵᠠᠷᠤᠳ ᠬᠤᠰᠢᠭᠤ ︽ᠯᠠᠪᠳᠠᠭᠤᠨ ᠪᠠᠲᠤᠲᠠᠢ ᠭᠦᠢᠴᠡᠳᠭᠡᠬᠦ︾ ᠭᠡᠬᠦ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2023/10/25
      ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠬᠦᠴᠦᠯᠡᠨ ᠳᠡᠭᠡᠭᠰᠢᠯᠡᠭᠦᠯᠵᠦ᠂ ︽ᠯᠠᠪᠳᠠᠭᠤᠨ ᠪᠠᠲᠤᠲᠠᠢ ᠭᠦᠢᠴᠡᠳᠬᠡᠬᠦ︾ ᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠢᠨ᠎ᠡ ᠶᠢ ᠡᠭᠦᠳᠬᠦ ᠡᠬᠢ ᠰᠣᠷᠪᠣᠯᠵᠢ ᠶᠢ ᠦᠷᠭᠦᠯᠵᠢᠯᠡᠨ ᠬᠥᠭᠵᠢᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠂ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠪᠠ᠃    ︽ᠨᠢᠭᠡ ᠰᠦᠯᠵᠢᠶ᠎ᠡ ᠪᠠᠷ ᠭᠦᠢᠴᠡᠳᠭᠡᠬᠦ︾ ᠨᠢ ᠠᠵᠤ ᠠᠬᠤᠶᠢᠯᠠᠯ ᠣᠯᠠᠨ ᠲᠦᠮᠡᠨ ᠳᠤ ᠨᠠᠩ ᠳᠥᠭᠦᠮ ᠳᠥᠲᠡ ᠦᠵᠡᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠬᠤ ᠲᠠᠪᠴᠠᠩ ᠳᠤ ᠲᠦᠰᠢᠭᠯᠡᠨ᠂ ᠪᠥᠬᠦ ᠣᠷᠣᠨ ᠳᠤ ︽ᠪᠦᠬᠦᠨ ᠳᠤ ᠲᠣᠬᠢᠷᠠᠬᠤ ᠺᠡᠷᠲ︾ ᠶᠢᠨ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠵᠦᠢᠯᠡᠰ ᠤᠨ ᠪᠥᠬᠦ ᠴᠤᠪᠤᠷᠠᠯ ᠢ ᠰᠦᠯᠵᠢᠶ᠎ᠡ ᠪᠠᠷ ᠭᠦᠢᠴᠡᠳᠬᠡᠬᠦ ᠶᠢ ᠤᠷᠢᠳᠠᠪᠠᠷ ᠪᠡᠶᠡᠯᠡᠭᠦᠯᠵᠦ᠂ ᠮᠠᠯᠴᠢᠨ ᠲᠠᠷᠢᠶᠠᠴᠢᠨ ᠭᠡᠷ ᠠᠴᠠ ᠪᠠᠨ ᠭᠠᠷᠬᠤ ᠦᠭᠡᠢ ᠪᠠᠷ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠡᠷᠲ︾ ᠶᠢᠨ ᠲᠠᠩᠰᠠᠨ ᠡᠷᠦᠬᠡ ᠪᠠᠶᠢᠭᠤᠯᠬᠤ᠂ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ ᠶᠢ ᠭᠤᠶᠤᠴᠢᠯᠠᠵᠤ ᠪᠣᠯᠬᠤ ᠶᠢ ᠪᠡᠶᠡᠯᠡᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠤᠭ᠎ᠠ ᠪᠠᠷᠢᠮᠲᠠ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ ᠬᠤᠰᠢᠭᠤᠨ ᠤ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠨᠢᠭᠡᠨᠲᠡ 93 ᠲᠥᠷᠥᠯ ᠳᠤ ᠬᠤᠷᠠᠨ ᠴᠤᠭᠯᠠᠷᠠᠵᠤ᠂ 46.1 ᠲᠦᠮᠡᠨ ᠡᠯᠧᠺᠲᠷᠣᠨ ᠦᠨᠡᠮᠯᠡᠯ ᠢ ᠣᠯᠭᠤᠵᠤ᠂ ᠲᠠᠮᠠᠭ᠎ᠠ ᠳᠠᠷᠤᠭᠰᠠᠨ ᠨᠣᠷᠮ᠎ᠠ 100% ᠳᠤ ᠬᠥᠷᠪᠡ᠃ ᠡᠭᠦᠨ ᠤ ᠬᠠᠮᠲᠤ᠂ ᠴᠠᠭ ᠠᠷᠪᠢᠯᠠᠵᠤ ᠰᠦᠢᠳᠬᠡᠯ ᠪᠠᠭᠠᠰᠬᠠᠨ ᠶᠠᠰᠤ ᠴᠢᠨᠠᠷ ᠳᠡᠭᠡᠭᠰᠢᠯᠡᠭᠦᠯᠦᠨ ᠦᠷ᠎ᠡ ᠠᠰᠢᠭ ᠨᠡᠮᠡᠭᠳᠡᠭᠦᠯᠬᠦ ᠶᠢᠨ ᠲᠥᠯᠥᠭᠡ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ 51 ᠵᠦᠢᠯᠡᠰ ᠢ ᠢᠯᠭᠠᠷᠠᠭᠤᠯᠤᠨ ᠵᠢᠷᠤᠮᠵᠢᠭᠤᠯᠵᠤ᠂ ᠵᠠᠭᠤᠴᠢ ᠦᠢᠯᠡᠴᠢᠯᠡᠭᠡᠨ ᠤ ᠴᠠᠭ ᠵᠠᠷᠤᠴᠠᠭᠤᠯᠬᠤ ᠨᠢ ᠣᠷᠳᠣ᠂ ᠰᠦᠢᠳᠬᠡᠯ ᠬᠤᠷᠢᠶᠠᠬᠤ ᠨᠢ ᠡᠷᠦᠢ ᠬᠤᠷᠤᠢ ᠦᠭᠡᠢ᠂ ᠭᠠᠭᠴᠠᠭᠠᠷ ᠡᠵᠡᠮᠰᠢᠬᠦ ᠴᠢᠨᠠᠷ ᠢᠶᠠᠷ ᠴᠢᠩᠭ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠦᠪᠯᠡᠷᠡᠭᠦᠯᠪᠡ᠃ ᠣᠨᠴᠠᠭᠠᠶᠢᠯᠠᠨ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠠᠴᠠ ᠨᠠᠰᠢ᠂ ᠬᠤᠰᠢᠭᠤᠨ ᠲᠣᠰ ᠱᠠᠲᠤᠨ ᠠᠴᠠ ᠭᠠᠳᠠᠨᠠᠬᠢ ᠤᠴᠢᠷ ᠶᠠᠪᠤᠳᠠᠯ ᠤᠨ ᠬᠡᠷᠡᠭ ᠭᠦᠢᠴᠡᠳᠬᠡᠬᠦ ᠭᠤᠭᠴᠤᠭ᠎ᠠ ᠶᠢ 787 ᠳᠥᠭᠦᠮᠴᠢᠯᠡᠵᠦ᠂ 43.05% ᠪᠠᠭᠠᠰᠬᠠᠨ᠂ ᠮᠠᠲ᠋ᠧᠷᠢᠶᠠᠯ ᠤᠨ ᠴᠢᠬᠤᠯᠠ ᠨᠥᠬᠦᠴᠡᠯ ᠢ 445 ᠴᠣᠮᠬᠠᠳᠬᠠᠨ᠂ 40.02% ᠪᠠᠭᠠᠰᠬᠠᠨ᠂ ᠭᠦᠢᠴᠡᠳᠬᠡᠬᠦ ᠴᠠᠭ ᠤᠨ ᠬᠢᠵᠠᠭᠠᠷ ᠢ 16776 ᠠᠵᠢᠯ ᠤᠨ ᠡᠳᠦᠷ ᠪᠠᠭᠠᠰᠬᠠᠵᠤ᠂ 83.97% ᠪᠠᠭᠠᠰᠬᠠᠨ ᠬᠠᠰᠤᠪᠠ᠃     ︽ᠠᠯᠠᠭᠠᠨ ᠳᠠᠭᠠᠨ ᠭᠦᠢᠴᠡᠳᠬᠡᠬᠦ︾ ᠨᠢ ᠭᠡᠷ ᠠᠴᠠ ᠪᠠᠨ ᠭᠠᠷᠬᠤ ᠦᠭᠡᠢ ᠪᠠᠷ ᠠᠵᠢᠯ ᠶᠠᠪᠤᠳᠠᠯ ᠭᠦᠢᠴᠡᠳᠭᠡᠬᠦ ᠶᠢ ᠪᠡᠶᠡᠯᠡᠭᠦᠯᠪᠡ᠃ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠬᠤᠯᠪᠣᠭᠳᠠᠭᠰᠠᠨ ᠥᠨᠳᠥᠷ ᠳᠠᠪᠲᠠᠮᠵᠢ ᠲᠠᠢ ᠤᠴᠢᠷ ᠶᠠᠪᠤᠳᠠᠯ ᠢ ︽ᠮᠦᠩᠬᠡ ᠰᠣᠪᠠᠭ︾ ᠲᠤ ᠵᠠᠯᠭᠠᠵᠤ ᠣᠷᠣᠭᠤᠯᠬᠤ  ᠶᠢ ᠭᠤᠣᠯᠳᠠᠯᠭ᠎ᠠ ᠲᠠᠢ ᠡᠮᠬᠢᠯᠡᠨ ᠳᠢᠭᠯᠡᠵᠦ᠂ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠬᠡᠬᠦ ᠰᠠᠯᠠᠭ᠎ᠠ ᠮᠥᠴᠢᠷ ᠤᠨ 18 ᠬᠡᠷᠡᠭᠯᠡᠭᠡᠨ ᠤ ᠫᠷᠣᠭ᠍ᠷᠠᠮ ᠢ ᠵᠣᠯᠭᠠᠭᠤᠯᠵᠤ᠂ ᠡᠭᠦᠨ ᠳᠤ 6 ᠵᠦᠢᠯ ᠢ ᠨᠢ ᠪᠠᠶᠢᠴᠠᠭᠠᠨ ᠬᠡᠷᠡᠭᠯᠡᠵᠦ᠂ 12 ᠵᠦᠢᠯ ᠢ ᠨᠢ ᠭᠦᠢᠴᠡᠳᠬᠡᠵᠦ ᠪᠣᠯᠬᠤ ᠪᠥᠭᠡᠳ ᠡᠯᠧᠺᠲᠷᠣᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ ᠪᠠᠶᠢᠴᠠᠭᠠᠨ ᠯᠠᠪᠯᠠᠬᠤ᠂ ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠬᠦ᠂ ︽ᠰᠠᠶ᠋ᠢ ᠲᠥᠷᠥᠭᠰᠡᠨ ᠬᠡᠦᠬᠡᠳ ᠤᠨ ᠨᠢᠭᠡ ᠶᠠᠪᠤᠳᠠᠯ︾ ᠵᠡᠷᠭᠡ ᠠᠯᠠᠭᠠᠨ ᠳᠡᠭᠡᠷ᠎ᠡ ᠭᠦᠢᠴᠡᠳᠭᠡᠵᠦ ᠪᠣᠯᠬᠤ 704 ᠵᠦᠢᠯ ᠢ ᠵᠠᠯᠭᠠᠨ ᠣᠷᠣᠭᠤᠯᠵᠤ᠂ ᠪᠥᠬᠦ ᠬᠤᠰᠢᠭᠤᠨ ᠤ ︽ᠮᠦᠩᠬᠡ ᠰᠣᠪᠠᠭ︾ ᠤᠨ APP ᠶᠢᠨ ᠬᠡᠷᠡᠭᠯᠡᠭᠴᠢ ᠶᠢᠨ ᠰᠤᠷᠪᠤᠯᠵᠢᠯᠠᠭᠰᠠᠨ ᠬᠡᠮᠵᠢᠶ᠎ᠡ ᠨᠡᠶᠢᠲᠡ 563 ᠲᠦᠮᠡᠨ ᠬᠥᠮᠥᠨ ᠤᠳᠠᠭ᠎ᠠ ᠳᠤ ᠬᠦᠷᠴᠦ᠂ ᠡᠳᠦᠷ ᠳᠤᠮᠳᠠᠴᠢ ᠶᠢᠨ ᠰᠤᠷᠪᠤᠯᠵᠢᠯᠠᠭᠰᠠᠨ ᠬᠡᠮᠵᠢᠶ᠎ᠡ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠡᠭᠦᠨ ᠠᠴᠠ ᠭᠠᠳᠠᠨ᠎ᠠ᠂ ᠪᠥᠬᠦ ᠣᠷᠣᠨ ᠳᠤ ᠡᠩ ᠲᠡᠷᠢᠭᠦᠨ ᠳᠤ ᠡᠯᠧᠺᠲᠷᠣᠨ ᠬᠦᠰᠦᠨᠦᠭᠲᠦ ᠶᠢᠨ ᠬᠡᠷᠡᠭᠯᠡᠯᠲᠡ ᠶᠢ ᠠᠩᠬ᠎ᠠ ᠡᠭᠦᠳᠴᠦ᠂ ︽ᠮᠦᠩᠬᠡ ᠰᠣᠪᠠᠭ︾ ᠤᠨ APP᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠦᠰᠦᠨᠦᠭᠲᠦ ᠲᠠᠭᠯᠠᠬᠤ᠂ ᠴᠠᠭᠠᠰᠤᠨ ᠪᠢᠴᠢᠭ ᠮᠠᠲ᠋ᠧᠷᠢᠶᠠᠯ ᠢ ᠲᠠᠭᠯᠠᠬᠤ ᠪᠠ ᠲᠠᠮᠠᠭ᠎ᠠ ᠳᠠᠷᠤᠬᠤ ᠠᠵᠢᠯ ᠢ ᠰᠦᠯᠵᠢᠶᠡᠨ ᠳᠡᠭᠡᠷ᠎ᠡ ᠬᠢᠬᠦ ᠪᠤᠶᠤ ᠣᠷᠣᠯᠠᠭᠤᠯᠬᠤ ᠪᠣᠯᠣᠨ᠎ᠠ᠃ ᠡᠭᠦᠨ ᠤ ᠬᠠᠮᠲᠤ᠂ ᠭᠤᠶᠤᠴᠢᠯᠠᠯ ᠤᠨ ᠮᠠᠲ᠋ᠧᠷᠢᠶᠠᠯ ᠢ ᠳᠠᠬᠢᠨ ᠵᠣᠬᠢᠶᠠᠨ ᠪᠠᠶᠢᠭᠤᠯᠵᠤ᠂ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠣᠯᠠᠨ ᠬᠤᠪᠢ ᠴᠠᠭᠠᠰᠤᠨ ᠪᠢᠴᠢᠭ ᠮᠠᠲ᠋ᠧᠷᠢᠶᠠᠯ ᠢ ᠪᠠᠭᠤᠯᠭᠠᠨ ᠲᠠᠭᠯᠠᠵᠤ ᠪᠢᠴᠢᠬᠦ ᠠᠰᠠᠭᠤᠳᠠᠯ ᠢ ᠰᠢᠢᠳᠪᠦᠷᠢᠯᠡᠵᠦ᠂ ᠣᠯᠠᠨ ᠭᠤᠶᠤᠴᠢᠯᠠᠯ ᠤᠨ ᠬᠦᠰᠦᠨᠦᠭᠲᠦ ᠶᠢ ᠨᠢᠭᠡᠨ ᠡᠯᠧᠺᠲᠷᠣᠨ ᠬᠦᠰᠦᠨᠦᠭᠲᠦ ᠶᠢᠨ ᠬᠠᠭᠤᠳᠠᠰᠤ ᠪᠣᠯᠭᠠᠨ ᠵᠢᠷᠤᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠴᠠᠭᠠᠰᠤ ᠬᠡᠷᠡᠭᠯᠡᠬᠦ ᠦᠭᠡᠢ ᠪᠠᠷ ᠭᠦᠢᠴᠡᠳᠬᠡᠬᠦ ᠶᠢ ᠠᠬᠢᠭᠤᠯᠪᠠ      ︽ᠣᠶᠢᠷ᠎ᠠ ᠬᠠᠪᠢ ᠳᠤᠨᠢ ᠭᠦᠢᠴᠡᠳᠭᠡᠬᠦ︾ ᠨᠢ ᠤᠯᠠᠨ ᠲᠦᠮᠡᠨ ᠢ ᠪᠠᠯᠭᠠᠰᠤᠨ ᠠᠴᠠ ᠪᠠᠨ ᠭᠠᠷᠬᠤ ᠦᠭᠡᠢ ᠪᠠᠷ ᠠᠵᠢᠯ ᠶᠠᠪᠣᠳᠠᠯ ᠭᠦᠢᠴᠡᠳᠭᠡᠬᠦ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠳᠦᠰᠦᠨ ᠱᠠᠲᠤ ᠵᠦᠭ ᠥᠷᠭᠡᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠶᠢ ᠬᠠᠮᠤᠷᠤᠭᠰᠠᠨ ᠬᠤᠷᠠᠮᠠᠯ ᠮᠠᠶ᠋ᠢᠭ ᠤᠨ ᠥᠪᠡᠰᠦᠪᠡᠨ ᠦᠢᠯᠡᠴᠢᠯᠡᠬᠦ ᠦᠵᠦᠭᠦᠷᠯᠢᠭ ᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠲᠤ ᠣᠷᠣᠭᠤᠯᠬᠤ ᠶᠢᠨ ᠬᠠᠮᠲᠤ᠂ ᠠᠵᠤ ᠦᠢᠯᠡᠳᠪᠦᠷᠢ ᠶᠢᠨ ᠲᠣᠭᠤᠷᠢᠭ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠳᠠᠰᠢ ᠥᠷᠭᠡᠳᠬᠡᠵᠦ᠂ ︽7×24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ ᠴᠢᠳᠠᠮᠵᠢᠲᠤ ᠣᠷᠣᠨ︾ ᠢ ᠪᠣᠶ ᠪᠣᠯᠭᠠᠵᠤ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠦᠢᠯᠡᠴᠢᠯᠡᠭᠡᠨ ᠤ ᠵᠦᠢᠯᠡᠰ ᠢ ᠰᠣᠩᠭᠤᠨ ᠦᠨᠳᠦᠰᠦᠨ ᠱᠠᠲᠤᠨ ᠳᠤ ᠪᠠᠭᠤᠯᠭᠠᠵᠤ᠂ ︽ᠣᠶᠢᠷ᠎ᠠ ᠬᠠᠪᠢ ᠳᠤᠨᠢ ᠭᠦᠢᠴᠡᠳᠬᠡᠬᠦ︾ ᠵᠦᠢᠯᠡᠰ ᠤᠨ ᠲᠣᠳᠣᠷᠬᠠᠢ ᠬᠠᠭᠤᠳᠠᠰᠤ ᠪᠠ ᠬᠡᠷᠡᠭ ᠭᠦᠢᠴᠡᠳᠬᠡᠬᠦ ᠵᠦᠭᠯᠡᠭᠦᠷ 242 ᠡᠭᠦᠨ ᠤ ᠵᠡᠷᠭᠡ ᠳᠤ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠶᠢᠷ᠎ᠠ ᠬᠠᠪᠢ ᠳᠤᠨᠢ ᠭᠦᠢᠴᠡᠳᠬᠡᠬᠦ︾ ᠬᠦᠷᠲᠡᠯ᠎ᠡ ᠤᠷᠲᠤᠳᠬᠠᠵᠤ᠂ ᠡᠳᠦᠷ ᠲᠤᠲᠤᠮ ᠤᠨ ᠦᠨᠡᠯᠡᠯᠲᠡ ᠬᠢᠬᠦ᠂ ᠬᠢᠨᠠᠯᠲᠠ ᠲᠠᠯᠪᠢᠵᠤ ᠬᠠᠮᠢᠶᠠᠷᠬᠤ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠂ ᠰᠠᠶᠢᠨ ᠮᠠᠭᠤ ᠶᠢ ᠦᠨᠡᠯᠡᠬᠦ ᠵᠡᠷᠭᠡ ᠠᠵᠢᠯ ᠤᠨ ᠳᠦᠷᠢᠮ ᠢ ᠪᠠᠶᠢᠭᠤᠯᠤᠨ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ︽ᠣᠶᠢᠷ᠎ᠠ ᠬᠠᠪᠢ  ᠳᠤᠨᠢ ᠭᠦᠢᠴᠡᠳᠬᠡᠬᠦ︾ ᠬᠠᠮᠢᠶᠠᠷᠤᠯᠲᠠ ᠶᠢᠨ  ᠰᠢᠰᠲ᠋ᠧᠮ ᠢ ᠪᠣᠶ ᠪᠣᠯᠭᠠᠵᠤ᠂ ︽ᠨᠢᠭᠡ ᠴᠣᠩᠬᠤᠪᠴᠢ ᠪᠠᠷ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠦᠪᠡᠷᠲᠡᠬᠡᠨ ᠦᠢᠯᠡᠴᠢᠯᠡᠬᠦ ᠪᠠᠷ ᠭᠦᠢᠴᠡᠳᠭᠡᠬᠦ᠂ ᠨᠢᠭᠡ ᠤᠳᠠᠭ᠎ᠠ ᠭᠦᠢᠴᠡᠳᠭᠡᠬᠦ᠂ EMS ᠢᠶᠠᠷ ᠰᠦᠢᠳᠭᠡᠯ ᠬᠤᠷᠢᠶᠠᠬᠤ ᠦᠭᠡᠢ ᠪᠠᠷ ᠰᠢᠦᠳᠡᠨ ᠢᠶᠠᠷ ᠶᠠᠪᠣᠭᠤᠯᠵᠤ ᠭᠦᠢᠴᠡᠳᠭᠡᠬᠦ︾ ᠶᠢ ᠦᠨᠳᠦᠰᠦᠨ ᠱᠠᠲᠤ ᠶᠢᠨ ᠵᠠᠰᠠᠭ ᠶᠠᠪᠣᠳᠠᠯ ᠤᠨ ᠦᠢᠯᠡᠴᠢᠯᠡᠭᠡ ᠳᠤ ᠪᠦᠬᠦ ᠲᠠᠯ᠎ᠠ ᠪᠠᠷ ᠠᠭᠤᠰᠣᠯᠴᠠᠬᠤ ᠶᠢ ᠠᠬᠢᠭᠤᠯᠪᠠ᠃     ︽ᠮᠤᠵᠢ ᠠᠯᠣᠰᠯᠠᠨ ᠭᠦᠢᠴᠡᠳᠭᠡᠬᠦ︾ ᠢ 12 ᠮᠤᠵᠢ ᠬᠤᠳᠠ ᠣᠷᠣᠨ ᠬᠦᠷᠲᠡᠯ᠎ᠡ ᠥᠷᠭᠡᠳᠬᠡᠪᠡ᠃ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠂ ︽ᠣᠷᠣᠨ ᠳᠣᠲᠣᠷ᠎ᠠ ᠨᠡᠶᠢᠳᠡᠮ ᠭᠦᠢᠴᠡᠳᠭᠡᠬᠦ ‍ᠤ᠋︾ ᠴᠤᠪᠤᠷᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠳᠠ ᠶᠢᠨ ᠳᠣᠲᠣᠷ᠎ᠠ ᠭᠠᠳᠠᠨᠠᠬᠢ 12 ᠬᠤᠰᠢᠭᠤ ᠰᠢᠶᠠᠨ ᠬᠤᠳᠠ ᠲᠣᠭᠤᠷᠢᠭ ᠯᠤᠭ᠎ᠠ ︽ᠣᠷᠣᠨ ᠪᠦᠰᠡ ᠠᠯᠤᠰᠯᠠᠨ ᠨᠡᠶᠢᠳᠡᠮ  ᠭᠦᠢᠴᠡᠳᠭᠡᠬᠦ︾ ᠵᠥᠪᠯᠡᠯᠴᠡᠭᠡᠷ ᠲᠣᠭᠲᠠᠵᠤ᠂ 169 ᠤᠴᠢᠷ ᠶᠠᠪᠤᠳᠠᠯ ᠢ ᠣᠨᠳᠣᠣ ᠭᠠᠵᠠᠷ ᠲᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠪᠡ᠃ ᠡᠭᠦᠨ ᠳᠤ᠂ ᠡᠷᠦᠬᠡ ᠠᠮᠠ ᠶᠢᠨ ᠲᠠᠩᠰᠠ ᠰᠢᠯᠵᠢᠭᠦᠯᠬᠦ ᠳᠤ ︽ᠮᠤᠵᠢ  ᠠᠯᠣᠰᠯᠠᠨ ᠭᠦᠢᠴᠡᠳᠭᠡᠬᠦ︾ ᠢ ᠨᠡᠭᠡᠭᠡᠭᠰᠡᠨ ᠤ ᠳᠠᠷᠠᠭ᠎ᠠ᠂ ᠨᠡᠭᠦᠵᠦ ᠣᠷᠣᠭᠰᠠᠨ ᠭᠠᠵᠠᠷ ᠤᠨ ᠡᠷᠦᠬᠡ ᠠᠮᠠ ᠶᠢᠨ ᠲᠣᠮᠢᠯᠠᠭᠰᠠᠨ ᠰᠠᠯᠪᠤᠷᠢ ᠳᠤ ᠭᠤᠶᠤᠴᠢᠯᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠤᠤᠯ ᠤᠨ ᠡᠷᠦᠬᠡ ᠠᠮᠠ ᠶᠢᠨ ᠲᠠᠩᠰᠠ ᠪᠠᠶᠢᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠰᠢᠭᠤᠳ ᠰᠦᠯᠵᠢᠶᠡᠨ ᠳᠡᠭᠡᠷ᠎ᠡ ᠨᠡᠭᠦᠵᠦ ᠭᠠᠷᠬᠤ ᠭᠠᠷ ᠭᠦᠢᠴᠡᠳᠬᠡᠯ ᠢ ᠭᠦᠢᠴᠡᠳᠬᠡᠵᠦ ᠪᠣᠯᠣᠨ᠎ᠠ᠂ ᠪᠥᠬᠦ ᠶᠠᠪᠤᠴᠠ ᠶᠢ ᠴᠥᠮ ᠰᠦᠯᠵᠢᠶ᠎ᠡ ᠪᠠᠷ ᠳᠠᠮᠵᠢᠭᠤᠯᠤᠨ ᠡᠷᠭᠢᠯᠲᠡ ᠳᠤ ᠣᠷᠣᠭᠤᠯᠵᠤ᠂ ︽ᠡᠷᠭᠢᠵᠦ ᠪᠤᠴᠠᠬᠤ︾ ᠦᠭᠡᠢ ᠪᠠᠷ ᠭᠦᠢᠴᠡᠳᠬᠡᠵᠦ ᠪᠣᠯᠣᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号