10 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠬᠤᠷᠠᠯ ᠬᠢᠪᠡ᠃ ᠬᠤᠰᠢᠭᠤᠨ ᠨᠠᠮ ᠤᠨ ᠬᠤᠷᠢᠶ᠎ᠠ ᠶᠢᠨ ᠭᠤᠣᠯ | ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ | ᠡᠯ᠎ᠡ ᠬᠠᠷᠢᠯᠴᠠᠬᠤ ᠳᠤᠭᠤᠶᠢᠯᠠᠩ ᠤᠨ ᠳᠠᠷᠤᠭ᠎ᠠ ᠵᠢᠴᠢ ᠭᠡᠰᠢᠬᠦᠨ᠂ ᠡᠯ᠎ᠡ ᠰᠤᠮᠤ ᠪᠠᠯᠭᠠᠰᠤ ᠲᠠᠯᠠᠪᠠᠢ᠂ ᠵᠡᠭᠡᠯᠢ | ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠰᠢᠭᠤᠳ ᠬᠠᠷᠢᠶ᠎ᠠ ᠨᠠᠮ ᠤᠨ ᠬᠤᠷᠢᠶ᠎ᠠ ᠶᠢᠨ | ᠳᠡᠳ᠋ ᠱᠦᠵᠢ ᠪᠠ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠠᠷᠢᠭᠤᠴᠠᠯᠭᠠᠲᠠᠨ᠂ ᠬᠤᠰᠢᠭᠤᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠳᠤ ᠬᠠᠷᠢᠶᠠᠯᠠᠭᠳᠠᠬᠤ ᠡᠯ᠎ᠡ ᠨᠠᠮ ᠤᠨ ᠡᠭᠦᠷ ᠤᠨ ᠭᠤᠣᠯ | ᠰᠡᠳᠦᠪᠲᠦ ᠬᠥᠮᠦᠵᠢᠯ ᠤᠨ ᠠᠵᠢᠯ ᠤᠨ ᠬᠠᠷᠢᠭᠤᠴᠠᠯᠭᠠᠲᠠᠨ ᠨᠡᠶᠢᠲᠡ 110 ᠬᠥᠮᠥᠨ ᠤᠷᠤᠯᠴᠠᠪᠠ᠃ | | | | | ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠭᠠᠵᠠᠷ ᠲᠤ ᠬᠦᠷᠴᠦ᠂ ᠲᠠᠶᠢᠯᠤᠮᠵᠢ | ᠰᠣᠨᠣᠰᠬᠤ᠂ ᠮᠠᠲ᠋ᠧᠷᠢᠶᠠᠯ ᠦᠵᠡᠬᠦ᠂ ᠦᠵᠡᠭᠦᠯᠦᠯᠭᠡ ᠶᠢᠨ ᠰᠠᠮᠪᠠᠷ᠎ᠠ ᠵᠢᠴᠢ ᠬᠠᠷᠠᠭᠠᠨ ᠳᠠᠪᠲᠠᠮᠵᠢ ᠶᠢᠨ ᠮᠠᠲ᠋ᠧᠷᠢᠶᠠᠯ ᠢ | ᠦᠵᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠨᠢᠭᠡᠳᠦᠭᠡᠷ | ᠨᠠᠮ ᠤᠨ ᠡᠭᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ | ᠡᠭᠦᠷ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠠᠬᠤᠢ ᠲᠠᠯᠠᠪᠤᠷ ᠲᠤ ᠲᠣᠭᠤᠷᠢᠨ ᠦᠵᠡᠪᠡ᠃ | | | | | | ᠦᠵᠡᠭᠦᠯᠦᠯᠭᠡ ᠶᠢᠨ ᠬᠤᠷᠠᠯ ᠳᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠮᠣᠩᠭᠤᠯ ᠡᠮᠨᠡᠯᠭᠡ ᠶᠢᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠠᠴᠠ ᠭᠤᠣᠯ ᠠᠵᠢᠯ ᠤᠨ ᠲᠣᠭᠤᠷᠢᠨ ᠳᠤ ᠪᠠᠨ | ᠭᠤᠣᠯ ᠰᠡᠳᠦᠪᠲᠦ ᠬᠥᠮᠦᠵᠢᠯ ᠢ ᠬᠡᠷᠬᠢᠨ ᠥᠷᠨᠢᠭᠦᠯᠦᠭᠰᠡᠨ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠵᠤ | ᠂ ᠬᠤᠰᠢᠭᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠬᠢᠨᠠᠨ | ᠵᠢᠯᠤᠭᠤᠳᠬᠤ ᠳᠤᠭᠤᠶᠢᠯᠠᠩ ᠪᠠ ᠲᠦᠩᠯᠢᠶᠣᠣ ᠬᠤᠲᠠ ᠶᠢᠨ ᠬᠠᠷᠢᠯᠴᠠᠬᠤ ᠳᠤᠭᠤᠶᠢᠯᠠᠩ ᠤᠨ ᠰᠢᠪᠠᠳᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠭᠤᠣᠯ ᠰᠡᠳᠦᠪᠲᠦ ᠬᠥᠮᠦᠵᠢᠯ ᠤᠨ ᠠᠵᠢᠯ ᠳᠤ | ᠳᠠᠬᠢᠨ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ | ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠨᠤᠯ ᠤᠨ ᠰᠤᠷᠤᠯᠴᠠᠯᠭ᠎ᠠ ᠶᠢ ᠢᠮᠠᠭᠲᠠ ᠲᠤᠤᠱᠯᠠᠭᠤᠯᠵᠤ᠂ | ᠭᠦᠨᠵᠡᠭᠡᠢ ᠰᠤᠷᠤᠯᠴᠠᠵᠤ ᠭᠦᠨᠵᠡᠭᠡᠢ ᠣᠶᠢᠯᠠᠭᠠᠬᠤ ᠶᠢ ᠲᠤᠪᠤᠶᠢᠯᠭᠠᠵᠦ᠂ ᠤᠨᠤᠯ ᠤᠨ ᠰᠤᠷᠤᠯᠴᠠᠯᠭ᠎ᠠ ᠶᠢᠨ ᠲᠠᠬᠢᠨ | ᠯᠠᠪᠳᠠᠭᠤᠨ ᠪᠠᠲᠤᠲᠠᠢ ᠪᠣᠯᠬᠤ ᠶᠢ ᠠᠬᠢᠭᠤᠯᠬᠤ ᠬᠡᠷᠡᠭᠲᠡᠢ︔ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ | ᠡᠭᠦᠷ ᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ︽ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ | ᠦᠵᠡᠭᠦᠯᠬᠦ︾ ︽ᠳᠡᠷᠭᠡᠳᠡᠬᠢ ᠦᠯᠢᠭᠡᠷ ᠳᠠᠭᠤᠷᠢᠶᠠᠯ ᠠᠴᠠ ᠰᠤᠷᠤᠯᠴᠠᠬᠤ︾ ᠰᠠᠨᠠᠯ ᠵᠥᠪᠯᠡᠯᠭᠡ ᠳᠤᠷᠠᠳᠴᠤ ᠠᠷᠭ᠎ᠠ | ᠤᠬᠠᠭᠠᠨ ᠭᠠᠷᠭᠠᠬᠤ 3 ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ | ᠲᠣᠪᠤᠶᠢᠯᠭᠠᠨ᠂ ᠪᠦᠬᠦ ᠲᠠᠯ᠎ᠠ ᠳᠤ ᠦᠢᠯᠡᠴᠢᠯᠡᠵᠦ᠂ ᠠᠵᠢᠯ ᠬᠢᠵᠦ ᠦᠢᠯᠡᠰ ᠪᠣᠰᠬᠠᠬᠤ ᠳᠤ ᠪᠣᠳᠠᠲᠤ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ︔ ᠲᠡᠷᠢᠭᠦᠨ ᠤ ᠨᠡᠶᠢᠲᠡᠯᠢᠭ ᠵᠢᠱᠢᠶ᠎ᠡ ᠲᠠᠢ ᠬᠠᠷᠢᠴᠠᠭᠤᠯᠵᠤ᠂ ᠵᠥᠷᠢᠶ᠎ᠡ ᠪᠠᠨ ᠡᠷᠢᠵᠦ | ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ᠰᠡᠳᠬᠢᠴᠡ ᠪᠠᠨ ᠥᠷᠭᠡᠳᠬᠡᠵᠦ | ᠂ ᠠᠰᠠᠭᠤᠳᠠᠯ ᠢᠶᠠᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠲᠠᠬᠢᠨ ᠭᠦᠨᠵᠡᠭᠡᠶᠢᠷᠡᠭᠦᠯᠬᠦ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | | |