ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠬᠠᠢ ᠲᠤᠰᠬᠠᠢ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2023/10/26
           10 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠬᠠᠢ ᠲᠤᠰᠬᠠᠢ ᠲᠠᠶᠢᠯᠤᠮᠵᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠵᠠᠩ ᠯᠢ ᠭᠦᠸᠧ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
b9eacdfee826259688d464774a0c5c2.jpg
    ᠬᠤᠷᠠᠯ ᠠᠴᠠ ᠥᠪᠥᠷ ᠮᠣᠩᠭᠤᠯ ᠤᠨ ᠴᠢᠳᠠᠪᠤᠷᠢᠲᠠᠨ ᠤ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠲᠡᠷᠢᠭᠦᠨ ᠰᠤᠳᠤᠯᠤᠭᠴᠢ ᠮᠠ ᠴᠢᠶᠠᠩ ᠫᠷᠤᠹᠥᠰᠰᠤᠷ ᠢ ᠤᠷᠢᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ ᠲᠤᠰᠬᠠᠢ ᠬᠠᠪᠰᠤᠷᠤᠨ ᠵᠢᠯᠣᠭᠤᠳᠤᠯᠭ᠎ᠠ ᠬᠢᠯᠭᠡᠪᠡ᠃ ᠮᠠ ᠴᠢᠶᠠᠩ ᠫᠷᠤᠹᠧᠰᠰᠤᠷ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠤᠬᠠᠭᠳᠠᠬᠤᠨ᠂ ᠮᠥᠨ ᠴᠢᠨᠠᠷ᠂ ᠠᠭᠤᠯᠤᠭᠳᠠᠬᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠣᠨᠣᠯ ᠪᠠ ᠦᠢᠯᠡᠳᠦᠯᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠦᠢᠯᠡᠳᠦᠯᠭᠡ ᠪᠠ ᠭᠦᠢᠴᠡᠳᠬᠡᠬᠦ ᠲᠣᠭᠠᠨ ᠤ ᠰᠢᠰᠲ᠋ᠧᠮ ᠤᠨ ᠲᠠᠶᠢᠯᠤᠮᠵᠢ᠂ ᠲᠦᠩᠯᠢᠶᠣᠣ ᠬᠤᠲᠠ᠂ ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠬᠦ᠂ ᠣᠷᠣᠨ ᠵᠠᠢ ᠶᠢ ᠳᠡᠭᠡᠭᠰᠢᠯᠡᠭᠦᠯᠬᠦ ᠵᠢᠴᠢ ᠰᠠᠶᠢᠵᠢᠷᠠᠭᠤᠯᠬᠤ ᠰᠠᠨᠠᠭᠤᠯᠭ᠎ᠠ ᠵᠡᠷᠭᠡ ᠳᠥᠷᠪᠡᠨ ᠲᠠᠯ᠎ᠠ ᠪᠠᠷ ᠭᠤᠣᠯᠳᠠᠯᠭ᠎ᠠ ᠲᠠᠢ ᠲᠠᠶᠢᠯᠤᠮᠵᠢ ᠬᠢᠵᠦ᠂ ᠬᠡᠷᠡᠭ ᠤᠨ ᠵᠢᠱᠢᠶ᠎ᠡ ᠪᠠ ᠶᠡᠭᠡ ᠬᠡᠮᠵᠢᠶᠡᠨ ᠤ ᠲᠤᠭ᠎ᠠ ᠪᠠᠷᠢᠮᠲᠠ ᠪᠠᠷ ᠳᠠᠮᠵᠢᠭᠤᠯᠤᠨ᠂  ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠲᠤᠬᠠᠢ ᠣᠯᠠᠨ ᠲᠠᠰ ᠳᠠᠪᠬᠤᠷᠭ᠎ᠠ ᠶᠢᠨ ᠣᠶᠢᠯᠠᠭᠠᠯᠲᠠ ᠪᠠᠨ ᠬᠤᠪᠢᠶᠠᠯᠴᠠᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠬᠡᠷᠬᠢᠨ ᠰᠢᠯᠢᠳᠡᠭᠵᠢᠭᠦᠯᠬᠦ ᠲᠤᠬᠠᠢ ᠮᠠᠰᠢ ᠣᠯᠠᠨ ᠵᠦᠢ ᠵᠣᠬᠢᠰᠲᠠᠢ ᠪᠦᠲᠦᠭᠡᠯᠴᠢ ᠴᠢᠨᠠᠷᠲᠠᠢ ᠰᠠᠨᠠᠯ ᠳᠣᠷᠠᠳᠪᠠ᠃    ᠪᠦᠦ ᠸᠧᠨ ᠯᠠᠨ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ  ᠨᠢ ᠳᠠᠭᠤᠰᠬᠤ ᠴᠠᠭ ᠭᠡᠵᠦ ᠪᠠᠶᠢᠬᠤ ᠦᠭᠡᠢ᠂ ᠶᠠᠪᠤᠭᠳᠠᠬᠤ ᠴᠠᠭ ᠯᠠ ᠪᠠᠶᠢᠨ᠎ᠠ᠂ ᠬᠠᠮᠤᠭ ᠰᠠᠶᠢᠨ ᠭᠡᠵᠦ ᠦᠭᠡᠢ᠂ ᠵᠦᠪᠬᠡᠨ ᠣᠯᠠᠮ ᠰᠠᠶᠢᠨ ᠭᠡᠵᠦ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠲᠤᠶᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠪᠦᠬᠦ ᠵᠢᠯ ᠳᠤ ᠦᠯᠡᠳᠡᠭᠰᠡᠨ ᠬᠤᠶᠠᠷ ᠰᠠᠷ᠎ᠠ ᠭᠠᠷᠤᠢ ᠶᠢᠨ ᠬᠤᠭᠤᠴᠠᠭ᠎ᠠ ᠶᠢ ᠴᠢᠩᠭ᠎ᠠ ᠡᠵᠡᠮᠳᠡᠵᠦ᠂ ᠡᠯ᠎ᠡ ᠭᠦᠢᠴᠡᠳᠬᠡᠬᠦ ᠲᠤᠭ᠎ᠠ ᠶᠢ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠨᠡᠯᠡᠨ ᠵᠢᠱᠢᠬᠦ ᠠᠷᠭ᠎ᠠ ᠬᠡᠯᠪᠡᠷᠢ᠂ ᠦᠨᠡᠯᠡᠨ ᠵᠢᠱᠢᠬᠦ ᠭᠦᠢᠴᠡᠳᠬᠡᠬᠦ ᠲᠤᠭ᠎ᠠ ᠪᠣᠯᠣᠨ ᠦᠯᠢᠭᠡᠷ ᠢ ᠭᠠᠷᠭᠠᠨ ᠠᠪᠬᠤ ᠶᠢ ᠲᠣᠳᠣᠷᠬᠠᠢ ᠣᠶᠢᠯᠠᠭᠠᠵᠤ᠂ ᠭᠦᠢᠴᠡᠳᠬᠡᠬᠦ ᠲᠤᠭ᠎ᠠ ᠶᠢ ᠲᠠᠭᠯᠠᠨ ᠮᠡᠳᠡᠭᠦᠯᠬᠦ ᠴᠢᠳᠠᠪᠤᠷᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠣᠷᠣᠯᠴᠠᠵᠤ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠲᠣᠰ ᠰᠠᠯᠠᠭ᠎ᠠ ᠮᠥᠴᠢᠷ ᠤᠨ ᠢᠶᠠᠨ  ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ︔ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠮᠲᠤ ᠪᠠᠷ ᠤᠷᠤᠭᠰᠢᠯᠠᠨ᠂ ᠠᠯᠤᠰ ᠢᠷᠡᠭᠡᠳᠦᠢ ᠶᠢ ᠪᠣᠳᠣᠯᠬᠢᠯᠠᠵᠤ᠂ ᠣᠳᠣᠬᠠᠨ ᠤ ᠪᠠᠶᠢᠳᠠᠯ ᠳᠤ ᠰᠠᠭᠤᠷᠢᠯᠠᠵᠤ᠂ ᠪᠦᠬᠦ ᠬᠦᠴᠦᠨ ᠢᠶᠠᠷ ᠢᠶᠠᠨ ︽ᠬᠦᠴᠦᠨ ᠴᠢᠳᠠᠯ ᠢᠶᠠᠨ ᠰᠢᠪᠬᠠᠵᠤ︾᠂ ︽ᠦᠢᠯᠡᠴᠢᠯᠡᠭᠡ ᠪᠠᠨ ᠰᠢᠯᠢᠳᠡᠭᠵᠢᠭᠦᠯᠵᠦ︾᠂ ᠪᠣᠳᠠᠲᠠᠢ ᠶᠠᠪᠤᠳᠠᠯ ᠤᠳ ᠢ ᠨᠠᠶᠢᠳᠠᠪᠤᠷᠢᠵᠢᠭᠤᠯᠤᠨ ᠲᠠᠩ ᠭᠠᠭᠴᠠ ᠭᠦᠢᠴᠡᠳᠬᠡᠬᠦ ᠲᠤᠭ᠎ᠠ ᠶᠢᠨ ᠳᠠᠪᠰᠢᠯᠲᠠ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号