ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠠᠵᠢᠯᠴᠢᠨ ᠤ | ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠬᠥᠳᠡᠯᠮᠦᠷᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ︽ᠣᠷᠴᠢᠨ ᠲᠣᠭᠤᠷᠢᠨ ᠢ | ᠴᠡᠪᠡᠷᠯᠡᠬᠦ ᠠᠵᠢᠯᠴᠢᠨ ᠤ ᠪᠠᠶᠠᠷ︾ ᠤᠨ ᠡᠳᠦᠷ ᠣᠷᠴᠢᠨ ᠲᠣᠭᠤᠷᠢᠨ ᠢ ᠴᠡᠪᠡᠷᠯᠡᠬᠦ ᠠᠵᠢᠯᠴᠢᠨ ᠤ ᠡᠩᠨᠡᠭᠡ ᠳᠤ | ᠬᠦᠷᠴᠤ᠂ ᠣᠷᠴᠢᠨ ᠲᠣᠭᠤᠷᠢᠨ ᠢ ᠴᠡᠪᠡᠷᠯᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ︽ | ᠬᠤᠲᠠ ᠶᠢᠨ ᠵᠢᠰᠦ ᠭᠤᠶᠣᠯᠠᠭᠴᠢ︾ ᠳᠤ ᠨᠠᠮ ᠪᠠ ᠵᠠᠰᠠᠭ ᠤᠨ ᠣᠷᠳᠣᠨ᠂ ᠵᠢᠴᠢ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ | ᠮᠠᠲ᠋ᠧᠷᠢᠶᠠᠯ ᠵᠠᠮ ᠬᠠᠷᠢᠯᠴᠠᠭ᠎ᠠ ᠮᠠᠰᠢᠨ ᠲᠡᠮᠦᠷᠯᠢᠭ ᠤᠨ ᠠᠵᠢᠯᠴᠢᠨ ᠤ ᠡᠪᠯᠡᠯ ᠤᠨ ᠨᠢᠭᠡᠳᠦᠯᠲᠡᠢ ᠲᠤᠬᠢᠷᠠᠭᠤᠯᠤᠯᠳᠠ ᠶᠢ | ᠦᠨᠳᠤᠰᠤᠯᠡᠵᠦ᠂ 10 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠵᠠᠷᠤᠳ ᠬᠤᠰᠢᠭᠤᠨ ᠤ | ᠠᠵᠢᠯᠴᠢᠨ ᠤ ᠶᠡᠷᠦᠩᠬᠡᠢ ᠡᠪᠯᠡᠯ ᠬᠢᠨ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠵᠤ ᠣᠷᠴᠢᠨ ᠲᠣᠭᠤᠷᠢᠨ ᠢ ᠴᠡᠪᠡᠷᠯᠡᠬᠦ | ᠠᠵᠢᠯᠴᠢᠳ ᠤᠨ ᠵᠣᠯ ᠵᠢᠷᠭᠠᠯᠳᠤ ᠰᠡᠳᠭᠢᠯᠭᠡ ᠶᠢ ᠳᠡᠭᠡᠭᠰᠢᠯᠡᠭᠦᠯᠬᠦ︾ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠤ ᠠᠬᠤᠢ ᠮᠡᠷᠭᠡᠵᠢᠯ ᠤᠨ ᠬᠡᠯᠲᠡᠰ ᠤᠨ ᠬᠠᠷᠢᠭᠤᠴᠠᠯᠭᠠᠲᠠᠨ | ᠸᠠᠩ ᠶᠠᠨ ᠰᠢᠶᠠᠩ᠂ ᠬᠤᠰᠢᠭᠤᠨ ᠤ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠰᠤᠷᠭᠠᠯᠳᠤ | ᠨᠠᠷ ᠠᠵᠢᠯᠯᠠᠭ᠎ᠠ ᠳᠤ ᠤᠷᠤᠯᠴᠠᠪᠠ᠃ | | | | | ᠲᠣᠬᠤᠨᠢᠭᠤᠯᠬᠤ ᠳᠤᠭᠤᠶᠢᠯᠠᠩ ᠤᠨ ᠬᠢᠨ ᠣᠷᠴᠢᠨ ᠲᠣᠭᠤᠷᠢᠨ ᠢ ᠴᠡᠪᠡᠷᠯᠡᠬᠦ ᠭᠠᠵᠠᠷ ᠲᠤ ᠭᠦᠨᠵᠡᠭᠡᠶᠢᠷᠡᠵᠦ᠂ | ᠮᠠᠨ ᠤ ᠬᠤᠰᠢᠭᠤᠨ ᠤ ᠣᠷᠴᠢᠨ ᠲᠣᠭᠤᠷᠢᠨ ᠢ ᠴᠡᠪᠡᠷᠯᠡᠬᠦ ᠠᠵᠢᠯᠴᠢᠨ ᠤ ᠲᠥᠯᠥᠭᠡᠯᠡᠭᠴᠢ ᠲᠠᠢ ᠶᠠᠷᠢᠯᠴᠠᠵᠤ᠂ | ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠳᠤ ︽ᠪᠥᠬᠦ ᠤᠯᠤᠰ ᠤᠨ ᠣᠷᠴᠢᠨ | ᠲᠣᠭᠤᠷᠢᠨ ᠢ ᠴᠡᠪᠡᠷᠯᠡᠬᠦ ᠠᠵᠢᠯᠴᠢᠳ ᠢ ᠲᠣᠬᠤᠨᠢᠭᠤᠯᠬᠤ ᠵᠠᠬᠢᠳᠠᠯ︾ ᠢ ᠬᠦᠷᠭᠡᠭᠰᠡᠨ ᠪᠥᠭᠡᠳ ︽ᠣᠷᠴᠢᠨ | ᠲᠣᠭᠤᠷᠢᠨ ᠢ ᠴᠡᠪᠡᠷᠯᠡᠬᠦ ᠠᠵᠢᠯᠴᠢᠳ ᠤᠨ ᠪᠠᠶᠠᠷ︾ ᠤᠨ ᠡᠳᠦᠷ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ | ᠬᠦᠷᠭᠡᠵᠦ᠂ ᠲᠡᠳᠡᠨ ᠳᠤ ᠴᠠᠭ ᠢᠮᠠᠭᠲᠠ ᠪᠡᠶ᠎ᠡ ᠪᠠᠨ ᠠᠩᠬᠠᠷᠴᠤ᠂ ᠶᠠᠮᠠᠷ ᠬᠡᠷᠡᠭᠴᠡᠭᠡ ᠱᠠᠭᠠᠷᠳᠠᠯᠭ᠎ᠠ ᠲᠠᠢ ᠪᠣᠯ ᠴᠠᠭ | ᠲᠤᠬᠠᠢ ᠳᠤᠨᠢ ᠠᠵᠢᠯᠯᠠᠵᠤ ᠪᠠᠶᠢᠭ᠎ᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠤᠶᠤ ᠬᠤᠰᠢᠭᠤᠨ ᠤ | ᠠᠵᠢᠯᠴᠢᠨ ᠤ ᠶᠡᠷᠦᠩᠬᠡᠢ ᠡᠪᠯᠡᠯ ᠳᠤ ᠳᠤᠷᠠᠳᠤᠨ ᠭᠠᠷᠭᠠᠵᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ︽ | ᠲᠥᠷᠬᠦᠮ ᠤᠨ ᠬᠥᠮᠥᠨ︾ ᠪᠣᠯᠤᠭᠰᠠᠨ ᠤ ᠬᠤᠪᠢ ᠳᠤ ᠯᠠᠪᠲᠠᠢ ᠠᠷᠭ᠎ᠠ ᠪᠤᠳᠤᠵᠤ ᠰᠢᠢᠳᠪᠦᠷᠢᠯᠡᠨ᠎ᠡ ᠭᠡᠵᠦ ᠵᠠᠬᠢᠪᠠ᠃ | | | | | ᠲᠣᠰ ᠤᠳᠠᠭᠠᠨ ᠤ ᠲᠣᠬᠤᠨᠢᠭᠤᠯᠤᠯᠲᠠ ᠳᠤ ᠨᠡᠶᠢᠲᠡ 375 ᠣᠷᠴᠢᠨ ᠲᠣᠭᠤᠷᠢᠨ ᠢ ᠴᠡᠪᠡᠷᠯᠡᠬᠦ ᠠᠵᠢᠯᠴᠢᠨ ᠢ | ᠲᠣᠬᠤᠨᠢᠭᠤᠯᠵᠤ᠂ ᠠᠵᠢᠯᠯᠠᠭ᠎ᠠ ᠠᠴᠠ ᠡᠮᠦᠨ᠎ᠡ ᠰᠠᠨᠠᠯ ᠢ ᠨᠢ ᠬᠤᠷᠢᠶᠠᠭᠰᠠᠨ ᠲᠠᠢ ᠤᠶᠠᠯᠳᠤᠭᠤᠯᠤᠨ᠂ ᠬᠠᠯᠠᠭᠤᠨ ᠢ | ᠬᠠᠳᠠᠭᠠᠯᠠᠬᠤ ᠴᠣᠮᠣ᠂ ᠶᠠᠭᠤᠤ᠂ ᠰᠢᠳᠦᠨ ᠱᠤᠸᠠᠰᠠ᠂ ᠠᠯᠴᠢᠭᠤᠷ᠂ ᠭᠠᠷ ᠤᠬᠢᠶᠠᠬᠤ ᠰᠢᠩᠭᠡᠨ᠂ ᠬᠤᠪᠴᠠᠰᠤ | ᠤᠬᠢᠶᠠᠬᠤ ᠰᠢᠩᠭᠡᠨ᠂ ᠦᠨᠦᠷᠲᠦ ᠰᠠᠪᠤᠩ ᠵᠡᠷᠭᠡ ᠡᠳ᠋ ᠪᠣᠳᠠᠰ ᠢ ᠪᠠᠭᠲᠠᠭᠠᠭᠰᠠᠨ 375 ᠬᠤᠪᠢ ︽ᠪᠡᠯᠡᠭ︾ | ᠲᠦᠭᠡᠭᠡᠵᠦ᠂ ᠣᠷᠴᠢᠨ ᠲᠣᠭᠤᠷᠢᠨ ᠢ ᠴᠡᠪᠡᠷᠯᠡᠬᠦ ᠠᠵᠢᠯᠴᠢᠳ ᠪᠡᠯᠡᠭ ᠤᠨ ᠡᠳ᠋ ᠪᠣᠳᠠᠰ ᠲᠤ ᠮᠠᠰᠢ ᠬᠠᠨᠤᠮᠵᠢᠲᠠᠶ | ᠪᠠᠶᠢᠵᠤ᠂ ᠠᠵᠢᠯᠯᠠᠭ᠎ᠠ ᠨᠢ ᠣᠷᠴᠢᠨ ᠲᠣᠭᠤᠷᠢᠨ ᠢ ᠴᠡᠪᠡᠷᠯᠡᠬᠦ ᠠᠵᠢᠯᠴᠢᠳ ᠤᠨ ᠰᠠᠶᠢᠨ ᠦᠨᠡᠯᠡᠯᠲᠡ ᠶᠢ ᠤᠯᠪᠠ᠃ |