ᠵᠠᠷᠤᠳ ᠬᠤᠰᠢᠭᠤ ᠬᠠᠷ᠎ᠠ ᠪᠦᠯᠦᠭᠲᠡᠨ ᠢ ᠤᠰᠠᠳᠬᠠᠬᠤ ᠠᠯᠪᠠᠨ ᠭᠡᠷ ᠤᠨ ᠡᠷᠬᠢᠯᠡᠭᠴᠢ ᠶᠢᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/10/27
      10 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠵᠠᠷᠤᠳ ᠬᠤᠰᠢᠭᠤ ᠬᠠᠷ᠎ᠠ ᠪᠦᠯᠦᠭᠲᠡᠨ ᠢ ᠣᠰᠠᠳᠬᠠᠬᠤ ᠠᠯᠪᠠᠨ ᠭᠡᠷ ᠤᠨ ᠡᠷᠬᠢᠯᠡᠭᠴᠢ ᠶᠢᠨ ᠠᠵᠢᠯ ᠤᠨ ᠬᠤᠷᠠᠯ ᠬᠢᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠲᠡᠮᠡᠴᠡᠯ ᠤᠨ ᠪᠦᠷᠢᠯᠳᠦᠭᠦᠨ ᠨᠢᠭᠡᠴᠡ ᠶᠢᠨ ᠬᠠᠷ᠎ᠠ ᠪᠦᠯᠦᠭᠲᠡᠨ ᠢ ᠣᠰᠠᠳᠬᠠᠬᠤ ᠠᠯᠪᠠᠨ ᠭᠡᠷ ᠤᠨ ᠡᠷᠬᠢᠯᠡᠭᠴᠢ ᠣᠷᠣᠯᠴᠠᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠯᠢᠦ ᠬᠠᠨ ᠢᠦᠢ ᠡᠷᠭᠢᠯᠡᠨ ᠬᠢᠪᠡ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰᠬᠠᠢ ᠬᠢᠨᠠᠨ ᠵᠢᠯᠤᠭᠤᠳᠬᠤ ᠠᠵᠢᠯ ᠤᠨ ᠮᠠᠲ᠋ᠧᠷᠢᠶᠠᠯ ᠤᠨ ᠨᠠᠷᠢᠨ ᠲᠠᠩᠰᠠ ᠶᠢ ᠰᠢᠯᠵᠢᠭᠦᠯᠦᠨ ᠦᠵᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠪᠠᠶᠢᠩᠭᠤ ᠶᠢᠨ ᠲᠡᠮᠡᠴᠡᠯ ᠤᠨ ᠪᠦᠷᠢᠯᠳᠦᠭᠦᠨ ᠨᠢᠭᠡᠴᠡ ᠶᠢᠨ ᠡᠭᠦᠷᠭᠡ ᠶᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠲᠡᠮᠡᠴᠡᠯ ᠢ ᠪᠠᠶᠢᠩᠭᠤ ᠥᠷᠨᠢᠭᠦᠯᠬᠦ ᠤᠯᠤᠰ ᠲᠦᠷᠦ ᠶᠢᠨ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠲᠤᠰᠬᠠᠢ ᠴᠡᠭᠴᠡᠯᠡᠨ ᠵᠠᠰᠠᠬᠤ ᠪᠠ ᠰᠢᠰᠲ᠋ᠥᠮᠲᠦ ᠵᠠᠰᠠᠯᠲᠠ᠂ ᠬᠠᠤᠯᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠲᠡᠮᠡᠴᠡᠯ ᠢ ᠪᠠᠶᠢᠩᠭᠤᠵᠢᠭᠤᠯᠬᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠨᠠᠨ ᠵᠢᠯᠤᠭᠤᠳᠴᠤ ᠦᠷ᠎ᠡ ᠪᠦᠲᠦᠮᠵᠢ ᠣᠯᠬᠤ ᠶᠢ ᠴᠢᠩᠭᠠᠳᠬᠠᠵᠤ᠂ ᠵᠣᠬᠢᠴᠠᠭᠤᠯᠤᠨ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠠᠵᠢᠯ ᠤᠨ ᠪᠠᠶᠢᠷᠢ ᠳᠠᠭᠠᠨ ᠣᠷᠣᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ᠂ ᠡᠬᠡ ᠲᠠᠩᠰᠠ ᠶᠢᠨ ᠬᠠᠮᠢᠶᠠᠷᠤᠯᠲᠠ ᠵᠡᠷᠭᠡ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠪᠠᠶᠢᠩᠭᠤ ᠶᠢᠨ ᠲᠡᠮᠡᠴᠡᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠪᠠᠶᠢᠩᠭᠤ ᠶᠢᠨ ᠲᠡᠮᠡᠴᠡᠯ ᠤᠨ ᠠᠵᠢᠯ ᠢ ᠠᠮᠤᠷ ᠠᠮᠤᠭᠤᠯᠠᠩ ᠤᠨ ᠪᠠᠶᠢᠭᠤᠯᠤᠯᠲᠠ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠵᠠᠭᠤᠨ ᠡᠳᠦᠷ ᠤᠨ ᠰᠢᠪᠳᠣᠯᠣᠯᠲᠠ ᠵᠡᠷᠭᠡ ᠠᠵᠢᠯ ᠲᠠᠢ ᠭᠦᠢᠴᠡᠳ ᠤᠶᠠᠯᠳᠤᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢ ᠤᠬᠠᠭᠤᠯᠬᠤ ᠵᠡᠷᠭᠡ ᠲᠠᠯ᠎ᠠ ᠪᠠᠷ ᠭᠤᠣᠯᠯᠠᠭᠤᠯᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠪᠠᠶᠢᠩᠭᠤ ᠶᠢᠨ ᠲᠡᠮᠡᠴᠡᠯ ᠤᠨ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号