| 10 ᠰᠠᠷ᠎ᠠ ᠶᠢᠨ 27 ᠤ ᠡᠳᠦᠷ᠂ ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ | ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠮᠦ ᠲᠢᠶᠧ ᠮᠢᠨ᠂ | ᠶᠣᠣ ᠼᠠᠢ ᠶᠠᠨ᠂ ᠱᠠᠨ ᠬᠤᠸᠠ ᠴᠢ᠂ ᠵᠠᠩ ᠯᠢ ᠭᠦᠸᠧ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠭᠦᠢᠴᠡᠳᠬᠡᠯ ᠲᠤᠭ᠎ᠠ ᠶᠢ ᠲᠠᠭᠯᠠᠨ ᠮᠡᠳᠡᠭᠦᠯᠦᠭᠴᠢ ᠵᠢᠴᠢ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠭᠤᠷᠪᠠᠳᠤᠭᠠᠷ ᠡᠲᠡᠭᠡᠳ ᠤᠨ ᠠᠵᠢᠯᠲᠠᠨ | ᠬᠤᠷᠠᠯ ᠳᠤ ᠣᠷᠣᠯᠴᠠᠪᠠ᠃ | | | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠨᠡᠯᠡᠨ ᠵᠢᠱᠢᠬᠦ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠣᠯᠣᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠪᠠᠨ ᠴᠢᠩᠭ᠎ᠠ ᠪᠣᠲᠠᠲᠠᠶᠢᠵᠢᠭᠤᠯᠵᠤ᠂ ᠬᠥᠮᠥᠨ ᠤ ᠬᠦᠴᠦᠨ ᠢ ᠪᠦᠷᠢᠨ ᠴᠢᠩᠭ᠎ᠠ ᠲᠣᠬᠢᠷᠠᠭᠤᠯᠵᠤ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠬᠤᠭᠤᠴᠠᠭ᠎ᠠ ᠪᠠᠨ | ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠲᠦᠰᠦᠯ ᠢᠶᠠᠷ ᠪᠠᠶᠢᠯᠳᠤᠵᠤ᠂ ᠦᠨᠡᠯᠡᠨ ᠵᠢᠱᠢᠬᠦ ᠡᠯ᠎ᠡ ᠵᠦᠢᠯ ᠤᠨ | ᠪᠡᠯᠡᠳᠭᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽ᠨᠢᠭᠡᠳᠦᠭᠡᠷ ᠣᠳᠣᠷᠢᠳᠣᠯᠭ᠎ᠠ︾ | ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠬᠤ ᠶᠢ ᠪᠠᠷᠢᠮᠲᠠᠯᠠᠵᠤ᠂ ᠪᠣᠭᠤᠮᠲᠠ ᠶᠢ ᠰᠠᠬᠢᠵᠤ ᠦᠷ᠎ᠡ ᠪᠦᠲᠦᠮᠵᠢ ᠶᠢ ᠨᠢ | ᠠᠰᠠᠭᠤᠵᠤ᠂ ᠳᠡᠭᠡᠳᠦ ᠪᠠᠶᠢᠷᠢ ᠠᠴᠠ ᠨᠢ ᠲᠣᠬᠢᠷᠠᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ | ᠱᠠᠲᠤ ᠱᠠᠲᠤ ᠪᠠᠷ ᠳᠠᠷᠤᠯᠲᠠ ᠪᠠ ᠬᠠᠷᠢᠭᠤᠴᠠᠯᠭ᠎ᠠ ᠶᠢ ᠳᠠᠮᠵᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠱᠠᠲᠤᠨ ᠤ | ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ | ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠡᠯ᠎ᠡ | ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠯᠭᠡᠵᠦ᠂ ᠣᠷᠣᠰᠢᠵᠤ ᠪᠠᠶᠢᠭ᠎ᠠ ᠬᠦᠴᠢᠷᠳᠡᠯ ᠲᠠᠢ | ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ | ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃ | ᠱᠣᠣ ᠶᠠᠨ ᠵᠢᠶᠦ᠋ᠨ ᠱᠠᠭᠠᠷᠳᠠᠭᠰᠠᠨ ᠨᠢ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ | ᠪᠣᠶ ᠪᠣᠯᠭᠠᠵᠤ᠂ ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠮᠵᠢᠯᠴᠠᠬᠤ ᠰᠠᠯᠠᠭ᠎ᠠ ᠮᠥᠴᠢᠷ | ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠬᠠᠮᠵᠢᠯᠴᠠᠭ᠎ᠠ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠳᠤ ᠪᠣᠳᠠᠲᠤ | ᠦᠷ᠎ᠡ ᠪᠦᠲᠦᠮᠵᠢ ᠣᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠨᠠᠷᠢᠨ ᠬᠢᠨᠠᠮᠠᠭᠠᠢ ᠰᠤᠳᠤᠯᠵᠤ᠂ ᠦᠨᠡᠯᠡᠨ ᠵᠢᠱᠢᠬᠦ | ᠱᠠᠭᠠᠷᠳᠠᠯᠭ᠎ᠠ ᠶᠢ ᠨᠡᠪᠲᠡᠷᠬᠡᠢ ᠣᠶᠢᠯᠠᠭᠠᠵᠤ᠂ ᠦᠨᠡᠯᠡᠨ ᠵᠢᠱᠢᠬᠦ ᠴᠢᠭᠯᠡᠯ ᠪᠠ ᠭᠤᠣᠯᠳᠠᠯᠭ᠎ᠠ ᠶᠢ ᠪᠠᠲᠤ ᠡᠵᠡᠮᠳᠡᠵᠦ᠂ | ᠬᠢᠵᠠᠭᠠᠷ ᠲᠠᠢ ᠬᠤᠭᠤᠴᠠᠭᠠᠨ ᠳᠣᠲᠣᠷ᠎ᠠ ᠳᠣᠲᠠᠭᠳᠠᠯ ᠢᠶᠠᠨ ᠪᠠᠶᠢᠴᠠᠭᠠᠨ ᠨᠥᠬᠦᠪᠦᠷᠢᠯᠡᠵᠦ᠂ ᠬᠤᠳᠠᠯᠳᠤᠭ᠎ᠠ ᠡᠵᠡᠩᠨᠡᠬᠦ | ᠣᠷᠴᠢᠨ ᠨᠦᠬᠦᠴᠡᠯ ᠢ ᠦᠨᠡᠯᠡᠨ ᠵᠢᠱᠢᠬᠦ ᠪᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠭᠦᠢᠴᠡᠳᠬᠡᠯ | ᠲᠤᠭ᠎ᠠ ᠶᠢ ᠲᠠᠭᠯᠠᠨ ᠮᠡᠳᠡᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢ | ᠵᠠᠷᠯᠠᠪᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠬᠦ ᠶᠢ ᠤᠭᠲᠤᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | | | |