ᠵᠠᠷᠤᠳ ᠬᠤᠰᠢᠭᠤᠨ ᠤ ᠨᠠᠮ ᠤᠨ ᠬᠤᠷᠢᠶᠠᠨ ᠤ ᠬᠢᠨ ᠬᠦᠳᠡᠭᠡ ᠲᠣᠰᠬᠤᠨ ᠮᠠᠯᠵᠢᠬᠤ ᠣᠷᠣᠨ ᠤ ᠤᠳᠤᠷᠢᠳᠬᠤ ᠳᠤᠭᠤᠶᠢᠯᠠᠩ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/10/30
    10 ᠰᠠᠷ᠎ᠠ ᠶᠢᠨ 27 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠬᠢᠨ ᠬᠦᠳᠡᠭᠡ ᠲᠣᠰᠬᠤᠨ ᠮᠠᠯᠵᠢᠬᠤ ᠣᠷᠣᠨ ᠤ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠪᠦᠦ ᠸᠧᠨ ᠯᠠᠨ᠂ ᠶᠠᠩ ᠽᠢ ᠴᠢᠶᠠᠩ᠂ ᠶᠣᠣ ᠼᠠᠢ ᠶᠠᠨ᠂ ᠼᠦᠢ ᠯᠧᠢ ᠯᠧᠢ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
1b8e10d8ed4313943ccb21ed804d1fd.jpg
    ᠱᠣᠸ ᠶᠠᠨ ᠵᠢᠶᠦ᠋ᠨ ᠴᠢᠬᠤᠯᠠᠴᠢᠯᠠᠭᠰᠠᠨ ᠨᠢ᠂ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠢᠷᠡᠬᠦ ᠵᠢᠯ ᠤᠨ ᠲᠥᠯᠥᠪᠯᠡᠭᠰᠡᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ᠂ ᠪᠥᠬᠦ ᠬᠤᠰᠢᠭᠤᠨ ᠤ ᠬᠥᠭᠵᠢᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ ᠢ ᠰᠠᠶᠢᠲᠤᠷ ᠲᠣᠭᠲᠠᠭᠠᠵᠤ᠂  ᠣᠷᠢᠳᠴᠢᠯᠠᠨ ᠡᠭᠦᠷᠭᠡ ᠲᠤᠭ᠎ᠠ ᠬᠡᠮᠵᠢᠶ᠎ᠡ ᠪᠠᠨ ᠪᠡᠶᠡᠯᠡᠭᠦᠯᠵᠦ᠂ ᠭᠠᠵᠠᠷ ᠰᠢᠷᠣᠢ ᠶᠢᠨ ᠬᠢᠨᠠᠨ ᠵᠥᠪᠰᠢᠶᠡᠷᠡᠯ᠂ ᠣᠷᠴᠢᠨ ᠲᠣᠭᠤᠷᠢᠨ ᠤ ᠦᠨᠡᠯᠡᠯᠲᠡ ᠶᠢᠨ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠲᠦᠷᠭᠡᠨ ᠪᠡᠶᠡᠯᠡᠭᠦᠯᠵᠦ᠂ ᠢᠷᠡᠬᠦ ᠵᠢᠯ ᠤᠨ ᠲᠥᠷᠥᠯ ᠵᠦᠢᠯ ᠢ ᠴᠠᠭ ᠲᠤᠬᠠᠢ ᠳᠤᠨᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠠᠯᠤᠰ ᠬᠡᠳᠤ ᠳᠤ ᠰᠠᠭᠤᠷᠢᠯᠠᠵᠤ᠂ ᠣᠳᠣᠬᠠᠨ ᠳᠤ ᠡᠯ᠎ᠡ ᠭᠠᠵᠠᠷ ᠤᠨ ᠬᠥᠭᠵᠢᠯᠲᠡ ᠶᠢᠨ ᠪᠣᠳᠠᠲᠠᠢ ᠪᠠᠶᠢᠳᠠᠯ ᠪᠣᠯᠣᠨ ᠣᠷᠣᠰᠢᠵᠤ ᠪᠠᠶᠢᠭ᠎ᠠ ᠳᠣᠲᠠᠭᠳᠠᠯ ᠪᠠᠭᠤᠷᠠᠢ ᠲᠠᠯ᠎ᠠ ᠲᠠᠢ ᠭᠦᠢᠴᠡᠳ ᠤᠶᠠᠯᠳᠤᠭᠤᠯᠵᠤ᠂ ᠳᠣᠲᠠᠭᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ  ᠪᠠᠨ ᠨᠥᠬᠦᠪᠦᠷᠢᠯᠡᠬᠦ‍ ᠨᠢᠭᠡ ᠪᠦᠯᠦᠭ ᠰᠠᠶᠢᠨ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠡᠯᠡ ᠮᠦᠩᠬᠦ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠬᠤᠪᠢᠷᠠᠭᠤᠯᠵᠤ᠂ ᠰᠤᠷᠲᠠᠯ ᠢᠶᠠᠨ ᠰᠠᠶᠢᠵᠢᠷᠠᠭᠤᠯᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠣᠭᠰᠠᠨ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠪᠡᠯᠡ ᠮᠥᠩᠭᠦ ᠶᠢᠨ ᠲᠦᠷᠦᠯ ᠵᠦᠢᠯ ᠤᠨ ᠬᠠᠮᠢᠶᠠᠷᠤᠯᠲᠠ᠂ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠣᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠪᠠ ᠶᠠᠳᠠᠭᠤ ᠠᠴᠠ ᠠᠩᠭᠢᠵᠢᠷᠠᠭᠤᠯᠣᠭᠰᠠᠨ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃    ᠱᠤᠤ ᠶᠠᠨ ᠵᠢᠶᠦ᠋ᠨ ᠱᠠᠭᠠᠷᠳᠠᠭᠰᠠᠨ ᠨᠢ᠂ ᠰᠠᠭᠤᠷᠢ ᠳᠠᠪᠠᠭᠤᠯᠢᠭ ᠢᠶᠠᠨ ᠣᠨᠣᠴᠠᠲᠠᠢ ᠡᠵᠡᠮᠳᠡᠵᠦ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠯᠬᠤᠮ ᠢᠶᠠᠨ ᠨᠢᠭᠡᠳᠬᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠬᠤᠰᠢᠭᠤᠨ ᠤ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠬᠥᠩ ᠶᠧ ᠼᠠᠩ ᠵᠡᠷᠭᠡ ᠨᠠᠷᠠᠲᠤ ᠦᠵᠡᠮᠵᠢ ᠶᠢᠨ ᠣᠷᠣᠨ ᠪᠠ ᠣᠨᠴᠠᠯᠢᠭᠲᠤ ᠪᠦᠲᠦᠭᠡᠭᠳᠡᠬᠦᠨ ᠢ ᠲᠥᠪᠯᠡᠷᠡᠭᠦᠯᠦᠨ ᠪᠣᠶ ᠪᠣᠯᠭᠠᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠣᠨᠣᠴᠠᠲᠠᠢ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠨᠢᠭᠡ ᠪᠦᠯᠦᠭ ᠪᠣᠳᠠᠲᠤ ᠬᠦᠴᠦᠨ ᠲᠠᠢ᠂ ᠲᠤᠷᠰᠢᠯᠭ᠎ᠠ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠠᠪᠠᠯᠲᠠ ᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠪᠢᠴᠢᠭ ᠢᠶᠠᠷ ︽ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠶ᠎ᠠ︾᠂ ︽ᠡᠪᠡᠰᠦ ᠪᠡᠯᠴᠢᠭᠡᠷ ᠢ ᠬᠠᠮᠠᠭᠠᠯᠠᠨ ᠮᠠᠯ ᠠᠵᠤ ᠠᠬᠤᠢ ᠶᠢ ᠬᠥᠭᠵᠢᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠰᠦᠪᠡᠭᠴᠢᠯᠡᠵᠦ᠂ ᠰᠠᠭᠤᠷᠢ ᠶᠢ ᠪᠠᠲᠤᠳᠬᠠᠨ ᠬᠡᠯᠬᠢᠶ᠎ᠡ ᠶᠢ ᠪᠠᠲᠤᠳᠬᠠᠵᠤ ᠲᠡᠰ ᠳᠡᠪᠰᠢᠭᠦᠯᠬᠦ ᠶᠢ ᠠᠬᠢᠭᠤᠯᠤᠨ᠎ᠠ --- ᠵᠠᠷᠤᠳ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠰᠣᠷᠣᠯᠴᠠᠪᠠ︔ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ᠂ ᠶᠡᠭᠡ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠪᠣᠯᠣᠨ 2024 ᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠲᠦᠷᠦᠯ ᠵᠦᠢᠯ ᠤᠨ ᠪᠠᠶᠢᠳᠠᠯ ᠢ ᠨᠡᠶᠢᠲᠡᠯᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号