ᠵᠠᠷᠤᠳ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠬᠢᠨ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/30
      ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠠᠬᠢᠭᠤᠯᠵᠦ᠂ ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠭᠡ ᠶᠢᠨ ᠠᠵᠢᠯ ᠢ ᠰᠠᠶᠢᠲᠤᠷ ᠬᠢᠵᠦ᠂ ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠬᠢᠵᠠᠭᠠᠷᠯᠠᠵᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠵᠠᠷᠢᠮ ᠰᠤᠮᠤ ᠪᠠᠯᠭᠠᠰᠤᠨ ᠳᠤ ᠬᠦᠷᠴᠦ 2023 ᠣᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠤᠭᠤᠳᠴᠤ᠂ ᠮᠠᠯ ᠪᠠ ᠵᠢᠭᠦᠷᠲᠡᠨ ᠳᠤ ᠲᠠᠷᠢᠯᠭ᠎ᠠ ᠬᠢᠬᠦ ᠠᠵᠢᠯ ᠢ ︽ᠲᠣᠰᠬᠤᠨ ᠳᠤ ᠡᠷᠦᠬᠡ ᠶᠢ ᠣᠷᠬᠢᠭᠳᠠᠭᠤᠯᠬᠤ ᠦᠭᠡᠢ᠂ ᠡᠷᠦᠬᠡ ᠳᠤ ᠮᠠᠯ ᠰᠦᠷᠦᠭ ᠢ ᠣᠷᠬᠢᠭᠳᠠᠭᠤᠯᠬᠤ ᠦᠭᠡᠢ᠂ ᠰᠦᠷᠦᠭ ᠲᠤ ᠮᠠᠯ ᠢ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠪᠠ᠃       
微信图片_20231030100201.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号