ᠵᠠᠷᠤᠳ ᠬᠤᠰᠢᠭᠤ ᠬᠦᠳᠡᠭᠡ ᠲᠣᠰᠬᠤᠨ ᠮᠠᠯᠵᠢᠬᠤ ᠣᠷᠣᠨ ᠤ ᠳᠥᠷᠪᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/10/31
    10 ᠰᠠᠷ᠎ᠠ ᠶᠢᠨ 30 ᠤ ᠡᠳᠦᠷ᠂ ᠵᠠᠷᠤᠳ ᠬᠤᠰᠢᠭᠤ ᠬᠦᠳᠡᠭᠡ ᠲᠣᠰᠬᠤᠨ ᠮᠠᠯᠵᠢᠬᠤ ᠣᠷᠣᠨ ᠤ ᠳᠥᠷᠪᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ  ᠣᠷᠣᠯᠴᠠᠪᠠ᠃     ᠼᠦᠢ ᠯᠧᠢ ᠯᠧᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠪᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠪᠠᠴᠢᠮ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ᠂ ᠣᠶᠢᠲᠤ ᠭᠠᠵᠠᠷ ᠲᠤ ᠣᠷᠣᠵᠤ ᠬᠤᠯᠠᠭᠠᠶᠢᠯᠠᠨ ᠮᠠᠯᠵᠢᠭᠰᠠᠨ ᠵᠢᠴᠢ ᠬᠠᠤᠯᠢ ᠪᠤᠰᠤ ᠪᠠᠷ ᠨᠤᠲᠤᠭ ᠪᠡᠯᠴᠢᠭᠡᠷ ᠣᠶᠢᠲᠤ ᠭᠠᠵᠠᠷ ᠢ ᠬᠠᠭᠠᠯᠪᠤᠷᠢᠯᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠢ ᠠᠬᠤᠢ ᠶᠢ ᠬᠠᠮᠠᠭᠠᠯᠠᠬᠤ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ᠃ ᠲᠣᠰ ᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠤᠷᠢᠲᠠᠯ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠢᠳᠡᠪᠬᠢᠲᠡᠢ ᠪᠠᠷ ᠪᠠᠶᠢᠴᠠᠭᠠᠨ ᠰᠤᠳᠤᠯᠤᠯᠲᠠ ᠬᠢᠵᠦ᠂ ᠠᠮᠤ ᠪᠤᠳᠠᠭ᠎ᠠ ᠬᠤᠳᠠᠯᠳᠤᠨ ᠠᠪᠤᠭᠰᠠᠨ ᠪᠠ ᠬᠠᠳᠠᠭᠠᠯᠠᠵᠤ ᠪᠠᠶᠢᠭ᠎ᠠ ᠪᠠᠶᠢᠳᠠᠯ ᠢ ᠣᠶᠢᠯᠠᠭᠠᠬᠤ ᠶᠢᠨ ᠬᠠᠮᠲᠤ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠ ᠬᠢᠨᠠᠨ ᠬᠠᠮᠢᠶᠠᠷᠬᠤ ᠪᠠᠨ ᠴᠢᠩᠭᠠᠳᠬᠠᠨ᠂ ᠠᠮᠤ ᠪᠤᠳᠠᠭᠠᠨ ᠤ ᠶᠠᠰᠤ ᠴᠢᠨᠠᠷ ᠤᠨ ᠠᠶᠣᠯᠭᠦᠢ ᠶᠢ ᠦᠨᠡᠨᠬᠦ ᠪᠠᠲᠤᠯᠠᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠣᠳᠠᠲᠠᠢ ᠠᠳᠬᠤᠵᠤ᠂ ᠨᠠᠮᠤᠷ ᠤᠨ ᠮᠥᠬᠦᠯᠢᠭ ᠠᠮᠤ ᠴᠤ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠢᠯ ᠤᠨ ᠡᠬᠢᠨ ᠤ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠨᠢᠭᠡᠨᠲᠡ ᠲᠣᠭᠲᠠᠭᠠᠭᠰᠠᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠵᠢᠯ ᠤᠨ ᠡᠬᠢᠨ ᠤ ᠡᠭᠦᠷᠭᠡ ᠶᠢᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠪᠦᠷᠢᠳᠬᠡᠬᠦ ᠪᠠ ᠰᠢᠰᠲ᠋ᠧᠮ ᠲᠠᠢ ᠡᠮᠬᠢᠯᠡᠵᠦ᠂ ᠠᠬᠢᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠲᠦᠰᠥᠯ ᠢᠶᠠᠷ ᠠᠵᠢᠯᠯᠠᠵᠤ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃     ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠭᠤᠯᠠ ᠤᠰᠤᠨ ᠤ ᠠᠵᠢᠯ ᠤᠨ ᠠᠯᠪᠠᠨ ᠭᠡᠷ᠂ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠴᠠᠬᠢᠯᠭᠠᠨ ᠬᠠᠩᠭᠠᠬᠤ ᠺᠣᠮᠫᠠᠨᠢ ᠬᠢᠨ ᠦᠪᠡᠷ ᠦᠪᠡᠷ ᠤᠨ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠳᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号