ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢ ᠪᠠᠶᠢᠭᠤᠯᠵᠤ  ᠣᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ ᠪᠤᠢ
ᠨᠡᠶᠢᠲᠡᠯᠡᠭᠰᠡᠨ ᠴᠠᠭ᠄
2023/11/1
    ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠦᠴᠦᠨ ᠢᠶᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠡᠷ ᠪᠦᠯᠢ ᠶᠢ ᠴᠣᠭᠴᠠᠯᠠᠨ ᠪᠠᠶᠢᠭᠤᠯᠵᠤ᠂ ᠲᠡᠳᠡᠨ ᠢ ᠲᠥᠯᠥᠭᠡᠯᠡᠭᠴᠢᠳ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠢᠯᠡᠷᠡᠭᠦᠯᠬᠦ ︽ᠰᠠᠭᠤᠷᠢᠨ ᠭᠠᠵᠠᠷ︾ ᠪᠣᠯᠭᠠᠵᠤ᠂ ᠲᠦᠯᠦᠭᠡᠯᠡᠭᠴᠢᠳ ᠤᠨ ᠣᠶᠤᠨ ᠤᠬᠠᠭᠠᠨ ᠢ ᠬᠤᠷᠠᠮᠳᠤᠭᠤᠯᠤᠨ᠂ ᠬᠦᠴᠦᠨ ᠢ ᠨᠢᠭᠲᠠᠷᠠᠭᠤᠯᠵᠤ ᠂ ᠬᠢᠨᠠᠯᠲᠠ ᠶᠢ ᠴᠢᠩᠭᠠᠳᠬᠠᠨ᠂ ᠡᠬᠢ ᠪᠠᠶᠠᠯᠢᠭ ᠢ ᠡᠮᠦᠨ᠎ᠡ ᠹᠷᠣᠨᠲ ᠲᠤ ᠴᠤᠭᠯᠠᠷᠠᠭᠤᠯᠵᠤ᠂ ᠮᠡᠳᠡᠭᠡ ᠵᠠᠩᠭᠢ ᠶᠢ ᠡᠮᠦᠨ᠎ᠡ ᠹᠷᠣᠨᠲ ᠲᠤ ᠬᠡᠷᠡᠭᠯᠡᠵᠦ᠂ ᠦᠢᠯᠡᠴᠢᠯᠡᠭᠡ ᠶᠢ ᠡᠮᠦᠨ᠎ᠡ ᠹᠷᠣᠨᠲ ᠲᠤ ᠢᠯᠡᠷᠡᠭᠦᠯᠬᠦ ᠶᠢ ᠪᠡᠶᠡᠯᠡᠭᠦᠯᠪᠡ᠃     ᠣᠶᠢᠷ᠎ᠠ ᠶᠢᠨ ᠡᠳᠦᠷ ᠤᠨ ᠥᠷᠯᠥᠭᠡ ᠡᠷᠲᠡ᠂ ᠠᠷᠤ ᠬᠦᠨᠳᠡᠯᠡᠨ ᠪᠠᠯᠭᠠᠰᠤᠨ ᠤ ᠨᠡᠭᠦᠳᠡᠯ ᠠᠷᠠᠳ ᠰᠡᠷᠵᠢ ᠨᠡᠭᠦᠳᠡᠯ ᠠᠷᠠᠳ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠥᠷᠲᠡᠭᠡᠨ ᠳᠤ ᠬᠦᠷᠴᠦ᠂ ᠠᠵᠢᠯ ᠠᠴᠠ ᠪᠠᠨ ᠠᠮᠠᠷᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠣᠬᠠᠢ ᠠᠰᠠᠭᠤᠨ ᠯᠠᠪᠯᠠᠭ᠎ᠠ ᠬᠢᠵᠦ᠂ ᠬᠦᠯᠢᠶᠡᠨ ᠠᠪᠴᠤ ᠠᠭᠤᠯᠵᠠᠭᠰᠠᠨ ᠲᠦᠯᠦᠭᠡᠯᠡᠭᠴᠢ ᠬᠤᠯᠪᠣᠭᠳᠠᠯ ᠪᠦᠬᠦᠢ ᠠᠵᠢᠯᠲᠠᠳ ᠲᠠᠢ ᠳᠠᠷᠤᠶᠢᠬᠠᠨ ᠬᠠᠷᠢᠯᠴᠠᠵᠤ ᠪᠠᠶᠢᠳᠠᠯ ᠢ ᠴᠠᠭ ᠲᠤᠬᠠᠢ ᠳᠤᠨᠢ ᠣᠶᠢᠯᠠᠭᠠᠭᠰᠠᠨ ᠤ ᠳᠠᠷᠠᠭ᠎ᠠ ᠠᠬᠤᠢ ᠲᠠᠯᠠᠪᠠᠶ ᠳᠤ ᠬᠠᠷᠢᠭᠤᠯᠲᠠ ᠥᠭᠪᠡ᠃     ︽ᠪᠢᠳᠡ ᠠᠳᠡ ᠠᠮᠢᠳᠤᠷᠠᠭᠠᠳ ᠨᠢᠭᠡᠨᠲᠡ 10 ᠵᠢᠯ ᠪᠣᠯᠵᠤ ᠪᠠᠶᠢᠨ᠎ᠠ᠂ ᠡᠩ ᠤᠨ ᠦᠶ᠎ᠡ ᠳᠤ ᠬᠦᠴᠢᠷ ᠠᠰᠠᠭᠤᠳᠠᠯ ᠲᠤᠯᠭᠠᠷᠠᠮᠠᠭᠴᠠ ᠠᠳᠡ ᠢᠷᠡᠵᠦ ᠬᠠᠪᠰᠤᠷᠤᠯᠭ᠎ᠠ ᠡᠷᠢᠳᠡᠭ᠂ ᠠᠵᠢᠯᠲᠠᠳ ᠴᠥᠮ ᠴᠢᠳᠠᠯ ᠤᠨ ᠬᠢᠷᠢ ᠪᠠᠷ  ᠢᠶᠠᠨ ᠪᠢᠳᠡᠨ ᠤ ᠠᠰᠠᠭᠤᠳᠠᠯ ᠢ ᠰᠢᠢᠳᠪᠦᠷᠢᠯᠡᠬᠦ ᠳᠤ ᠬᠠᠪᠰᠤᠷᠤᠯᠭ᠎ᠠ ᠦᠵᠡᠭᠦᠯᠬᠦ ᠪᠣᠯᠣᠨ᠎ᠠ᠃︾ ᠭᠡᠵᠦ ᠰᠡᠷᠵᠢ ᠬᠡᠯᠡᠪᠡ᠃ ᠰᠠᠷ᠎ᠠ ᠪᠦᠷᠢ ᠶᠢᠨ ᠲᠥᠯᠥᠭᠡᠯᠡᠭᠴᠢᠳ ᠤᠨ ᠠᠵᠢᠯᠯᠠᠭ᠎ᠠ ᠶᠢᠨ ᠡᠳᠦᠷ᠂ ᠠᠷᠤ ᠬᠦᠨᠳᠡᠯᠡᠨ ᠪᠠᠯᠭᠠᠰᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠴᠠᠭ ᠲᠠᠭᠠᠨ ᠨᠡᠭᠦᠳᠡᠯ ᠠᠷᠠᠳ ᠤᠨ ᠠᠷᠠᠳ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠥᠷᠲᠡᠭᠡᠨ ᠳᠤ ᠬᠦᠷᠴᠦ ᠰᠤᠷᠤᠯᠴᠠᠨ ᠰᠣᠯᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠬᠠᠮᠲᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠪᠠ᠃     ᠵᠢᠯ ᠤᠨ ᠡᠬᠢᠨ ᠠᠴᠠ ᠨᠠᠰᠢ᠂ ᠠᠷᠤ ᠬᠥᠨᠳᠡᠯᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭ᠎ᠠ ᠠᠪᠬᠤ ᠥᠷᠲᠡᠭᠡᠨ ᠤ ᠰᠢᠰᠲ᠋ᠧᠮ ᠤᠨ ᠴᠢᠳᠠᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠯᠠᠨ ᠲᠦᠮᠡᠨ ᠳᠤ ᠦᠢᠯᠡᠴᠢᠯᠡᠬᠦ ︽ᠳᠠᠭᠠᠭᠤᠯᠤᠭᠴᠢ︾᠂ ᠰᠠᠨᠠᠯ ᠰᠠᠨᠠᠭᠤᠯᠭ᠎ᠠ ᠶᠢᠨ ︽ᠴᠤᠭᠯᠠᠭᠤᠯᠤᠭᠴᠢ︾᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ︽ᠤᠬᠠᠭᠤᠯᠤᠭᠴᠢ︾ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ᠳᠡᠷᠭᠡᠳᠡᠬᠢ ᠪᠠᠭ᠎ᠠ ᠶᠠᠪᠤᠳᠠᠯ᠂ ᠪᠠᠴᠢᠮ ᠶᠠᠪᠤᠳᠠᠯ᠂ ᠬᠦᠴᠢᠷ ᠶᠠᠪᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠦᠷᠳᠡᠭᠡ ᠶᠢᠨ ︽ᠠᠷᠠᠳ ᠤᠨ ᠰᠠᠨᠠᠭᠠᠨ ᠤ ᠴᠣᠩᠬᠤ︾᠂ ︽ᠰᠡᠳᠬᠢᠯ ᠬᠤᠯᠪᠣᠬᠤ ᠬᠥᠭᠦᠷᠭᠡ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠪᠠ᠃ ᠣᠳᠣᠬᠠᠨ ᠪᠣᠯᠲᠠᠯ᠎ᠠ᠂ ᠠᠷᠤ ᠬᠥᠨᠳᠡᠯᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠦᠷᠳᠡᠭᠡ ᠣᠯᠠᠨ ᠲᠦᠮᠡᠨ ᠢ 200 ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ 20 ᠲᠠᠯᠠᠪᠤᠷ ᠠᠵᠢᠯᠯᠠᠭ᠎ᠠ ᠥᠷᠨᠢᠭᠦᠯᠵᠦ᠂ 1000 ᠭᠠᠷᠤᠢ ᠡᠷᠤᠭᠡ ᠶᠢ ᠡᠷᠬᠢᠨ ᠦᠵᠡᠵᠦ ᠲᠣᠬᠤᠨᠢᠭᠤᠯᠪᠠ᠃     ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯ ᠲᠥᠯᠥᠭᠡᠯᠡᠭᠴᠢᠳ ᠬᠠᠷᠢᠭᠤ ᠲᠤᠰᠬᠠᠯ ᠪᠣᠯᠣᠨ᠎ᠠ᠃ ︽ᠤᠴᠢᠷ ᠲᠠᠢ ᠪᠣᠯ ᠲᠥᠯᠥᠭᠡᠯᠡᠭᠴᠢ ᠶᠢ ᠡᠷᠢᠬᠦ︾ ᠨᠢ ᠤᠯᠠᠮ ᠠᠴᠠ ᠤᠯᠠᠮ ᠤᠯᠠᠨ ᠲᠦᠮᠡᠨ ᠤ ᠰᠣᠩᠭᠤᠯᠲᠠ ᠪᠣᠯᠵᠤ ᠪᠠᠶᠢᠨ᠎ᠠ᠃ ᠵᠢᠷᠦᠬᠡ ᠪᠠᠯᠭᠠᠰᠤᠨ ᠤ ᠲᠡᠵᠢᠭᠡᠪᠦᠷᠢ ᠶᠢᠨ ᠲᠣᠮᠣ ᠡᠷᠦᠬᠡ ᠶᠠᠩ ᠱᠤᠤ ᠦ᠋ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠲᠠᠰᠤᠭ ᠲᠤ᠂ ᠬᠤᠰᠢᠭᠤᠨ ᠤ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠱᠤᠤ ᠦ᠋ ᠡᠷᠬᠢᠨ ᠲᠣᠭᠤᠷᠢᠨ ᠤ ᠲᠡᠵᠢᠭᠡᠪᠦᠷᠢ ᠶᠢᠨ ᠡᠷᠦᠬᠡ ᠳᠤ ᠰᠢᠨᠵᠢᠯᠡᠬᠦ ᠤᠬᠠᠭᠠᠨᠴᠢ  ᠲᠡᠵᠢᠭᠡᠬᠦ ᠠᠷᠭ᠎ᠠ ᠵᠢᠴᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ ᠪᠠᠶᠢᠪᠠ᠃ ᠲᠡᠵᠢᠭᠡᠪᠦᠷᠢ ᠶᠢᠨ ᠡᠷᠦᠬᠡ ᠵᠦ ᠪᠢᠨ ᠪᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠭᠦᠨ ᠤ ᠬᠢᠴᠢᠶᠡᠯ ᠢ ᠰᠣᠨᠣᠰᠬᠤ ᠪᠣᠯᠭᠠᠨ ᠴᠥᠮ ᠶᠡᠭᠡ ᠣᠯᠣᠯᠲᠠ ᠲᠠᠢ᠂ ᠣᠨᠣᠯ ᠤᠨ ᠰᠤᠷᠤᠯᠴᠠᠯᠭ᠎ᠠ ᠪᠠ ᠦᠢᠯᠡᠳᠦᠯᠭᠡ ᠶᠢᠨ ᠠᠵᠢᠯᠯᠠᠭ᠎ᠠ ᠲᠠᠢ᠂ ᠲᠡᠵᠢᠭᠡᠬᠦ ᠮᠡᠷᠭᠡᠵᠢᠯ ᠤᠨ ᠲᠠᠯ᠎ᠠ ᠪᠠᠷ ᠴᠤ ᠢᠯᠡᠳᠲᠡ ᠳᠡᠭᠡᠭᠰᠢᠯᠡᠯᠲᠡ ᠲᠠᠢ ᠪᠣᠯᠪᠠ᠃     ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠶᠢᠨ ᠠᠵᠢᠯᠯᠠᠬᠤ ᠲᠠᠰᠤᠭ ᠪᠠᠶᠢᠭᠤᠯᠬᠤ ᠨᠢ ᠭᠤᠣᠯᠳᠠᠭᠤ ᠲᠡᠵᠢᠭᠡᠪᠦᠷᠢ ᠶᠢᠨ ᠡᠷᠦᠬᠡ ᠶᠢᠨ ᠲᠤᠬᠠᠶᠢᠯᠠᠭᠰᠠᠨ ᠠᠵᠢᠯ᠂ ᠮᠡᠷᠭᠡᠵᠢᠯ ᠤᠨ ᠬᠢᠷᠢ ᠬᠡᠮᠵᠢᠶ᠎ᠡ  ᠶᠢ ᠳᠡᠭᠡᠭᠰᠢᠯᠡᠭᠦᠯᠬᠦ ᠳᠤ ᠬᠠᠪᠰᠤᠷᠤᠮᠵᠢ ᠪᠣᠯᠭᠠᠬᠤ ᠶᠢᠨ ᠲᠥᠯᠥᠭᠡ ᠶᠤᠮ᠂ ᠲᠡᠷᠡᠴᠢᠯᠡᠨ ᠲᠡᠳᠡᠨ ᠳᠤ ᠬᠠᠷᠢᠯᠴᠠᠨ ᠰᠣᠯᠢᠯᠴᠠᠵᠤ ᠰᠤᠷᠤᠯᠴᠠᠬᠤ ᠲᠠᠪᠴᠠᠩ ᠭᠠᠷᠭᠠᠵᠤ ᠥᠭᠬᠦ ᠶᠢᠨ  ᠳᠠᠭᠠᠬᠤ ᠪᠠᠰᠠ ᠮᠢᠨᠤ ᠣᠯᠠᠨ ᠵᠢᠯ ᠤᠨ ᠲᠤᠷᠰᠢᠬᠢ ᠲᠡᠵᠢᠭᠡᠬᠦ ᠲᠤᠷᠰᠢᠯᠭ᠎ᠠ᠂ ᠲᠡᠵᠢᠭᠡᠬᠦ ᠮᠡᠷᠭᠡᠵᠢᠯ ᠢ ᠣᠯᠠᠨ ᠳᠤ ᠤᠯᠠᠮᠵᠢᠯᠠᠨ ᠥᠭᠴᠦ᠂ ᠲᠡᠳᠡᠨ ᠢ ᠲᠣᠭᠤᠷᠢᠤ ᠵᠠᠮ ᠢᠶᠠᠷ ᠳᠤᠲᠠᠭᠤ ᠶᠠᠪᠤᠭᠤᠯᠵᠤ᠂ ᠲᠡᠵᠢᠭᠡᠪᠦᠷᠢ ᠶᠢᠨ ᠣᠷᠣᠯᠭ᠎ᠠ  ᠶᠢ ᠨᠢ ᠳᠡᠭᠡᠭᠰᠢᠯᠡᠭᠦᠯᠬᠦ ᠳᠤ ᠬᠠᠪᠰᠤᠷᠤᠮᠵᠢ ᠪᠣᠯᠭᠠᠬᠤ  ᠶᠢᠨ ᠲᠥᠯᠥᠭᠡ ᠶᠤᠮ᠃︾ ᠭᠡᠵᠦ ᠶᠠᠩ ᠱᠤᠤ ᠦ᠋ ᠬᠡᠯᠡᠪᠡ᠃ ᠡᠳᠡᠭᠡᠷ ᠪᠦᠬᠦᠨ ᠨᠢ ︽ᠥᠴᠥᠬᠡᠨ ᠪᠣᠳᠠᠲᠠᠢ ᠶᠠᠪᠤᠳᠠᠯ︾ ᠪᠣᠯᠪᠠᠴᠤ ᠠᠷᠠᠳ ᠤᠨ ᠠᠮᠢᠳᠤᠷᠠᠯ ᠤᠨ ︽ᠲᠣᠮᠣ ᠶᠠᠪᠤᠳᠠᠯ ︾ ᠪᠣᠯᠣᠨ᠎ᠠ᠃ ᠡᠨᠡ ᠨᠢ ᠵᠥᠪᠬᠡᠨ ᠠᠷᠤ ᠬᠥᠨᠳᠡᠯᠡᠨ ᠪᠠᠯᠭᠠᠰᠤ ᠪᠣᠯᠣᠨ ᠵᠢᠷᠦᠬᠡ ᠪᠠᠯᠭᠠᠰᠤ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ︾ ᠶᠢᠨ ᠦᠢᠯᠡᠳᠦᠯ ᠢ ᠪᠠᠳᠠᠷᠠᠭᠤᠯᠤᠭᠰᠠᠨ ᠬᠤᠷᠢᠶᠠᠩᠭᠤᠢ ᠳᠦᠷᠰᠦ ᠪᠣᠯᠣᠨ᠎ᠠ᠃ ᠡᠳᠦᠭᠡ᠂ ᠲᠥᠯᠥᠭᠡᠯᠡᠭᠴᠢᠳ ᠤᠨ ᠬᠤᠯᠪᠣᠭ᠎ᠠ ᠠᠪᠬᠤ ᠦᠷᠳᠡᠭᠡ᠂ ᠲᠥᠯᠥᠭᠡᠯᠡᠭᠴᠢᠳ ᠤᠨ ᠠᠵᠢᠯᠯᠠᠬᠤ ᠦᠷᠳᠡᠭᠡ᠂ ᠲᠥᠯᠥᠭᠡᠯᠡᠭᠴᠢᠳ ᠤᠨ ᠭᠡᠷ ᠪᠦᠯᠢ ᠬᠢᠨ ᠵᠠᠷᠤᠳ ᠬᠤᠰᠢᠭᠤᠨ ᠳᠤ ︽ᠦᠨᠳᠦᠰᠦ ᠬᠠᠳᠬᠤᠵᠤ︾᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠤᠯᠠᠮ ᠠᠴᠠ ᠤᠯᠠᠮ ᠳᠡᠭᠡᠭᠰᠢᠯᠡᠵᠦ᠂ ᠲᠥᠯᠥᠭᠡᠯᠡᠭᠴᠢᠳ ᠤᠨ ᠠᠵᠢᠯᠯᠠᠭ᠎ᠠ ᠤᠯᠠᠮ ᠠᠴᠠ ᠤᠯᠠᠮ ᠬᠥᠭᠵᠢᠶᠡᠨᠲᠡᠢ ᠪᠣᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠴᠦ ᠲᠠᠰᠤᠷᠠᠯᠳᠡ ᠦᠭᠡᠢ ᠳᠡᠭᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠷᠭᠦᠯᠵᠢᠯᠡᠨ ᠴᠢᠨᠠᠷ ᠰᠠᠶᠢᠲᠠᠢ ︽ᠭᠡᠷ ᠪᠦᠯᠢ︾ ᠪᠠᠶᠢᠭᠤᠯᠬᠤ ᠶᠢ ᠪᠠᠷᠢᠮᠲᠠᠯᠠᠵᠤ᠂ ︽ᠭᠡᠷ ᠪᠦᠯᠢ︾ ᠶᠢ ᠪᠠᠶᠢᠩᠭᠤ ᠬᠡᠷᠡᠭᠯᠡᠬᠦ᠂ ︽ᠭᠡᠷ ᠪᠦᠯᠢ︾ ᠶᠢ ᠵᠢᠷᠤᠮᠵᠢᠭᠤᠯᠤᠨ ᠬᠠᠮᠢᠶᠠᠷᠴᠤ᠂ ︽ᠲᠥᠯᠥᠭᠡᠯᠡᠭᠴᠢᠳ ᠤᠨ ᠭᠡᠷ ᠪᠦᠯᠢ︾ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠰᠡᠳᠬᠢᠯᠭᠡ ᠶᠢ ᠳᠣᠪᠤᠶᠢᠯᠭᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠶᠢ ᠴᠠᠭ ᠢᠮᠠᠭᠲᠠ ᠪᠠᠲᠤᠯᠠᠵᠤ᠂ ᠲᠥᠯᠥᠭᠡᠯᠡᠭᠴᠢᠳ ᠤᠨ ᠤᠬᠠᠮᠰᠠᠷ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠳᠠᠮᠵᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷ ᠶᠠᠪᠤᠳᠠᠯ᠂ ᠪᠠᠴᠢᠮ ᠶᠠᠪᠤᠳᠠᠯ ᠢ ᠦᠨᠡᠨ ᠢ ᠪᠣᠲᠠᠲᠠᠢ ᠬᠠᠷᠢᠭᠤᠯᠲᠠ ᠥᠭᠴᠦ᠂ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ  ᠨᠡᠪᠲᠡᠷᠡᠭᠦᠯᠦᠨ᠎ᠡ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号