ᠵᠠᠷᠤᠳ ᠬᠤᠰᠢᠭᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/11/10
    11 ᠰᠠᠷ᠎ᠠ ᠶᠢᠨ 9 ᠤ ᠡᠳᠦᠷ᠂ ᠵᠠᠷᠤᠳ ᠬᠤᠰᠢᠭᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠤᠳᠤᠷᠢᠳᠤᠯᠭ᠎ᠠ ᠶᠣᠣ ᠼᠠᠢ ᠶᠠᠨ᠂ ᠳ᠋ᠢᠩ ᡁᠢ ᠭᠠᠩ᠂ ᠼᠦᠢ ᠯᠧᠢ ᠯᠧᠢ᠂ ᠱᠠᠨ ᠬᠤᠸᠠ ᠴᠢ᠂ ᠵᠠᠩ ᠯᠢ ᠭᠦᠸᠧ ᠵᠢᠴᠢ ᠬᠤᠰᠢᠭᠤᠨ ‍ᠤ‌ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
4a1d201f0dbde8d1c7c9aed2cf4e830.jpg
    ᠬᠤᠷᠠᠯ ᠠᠴᠠ᠂ ᠣᠳᠣᠬᠠᠨ ᠳᠤ ᠨᠢᠭᠡᠨᠲᠡ ᠵᠢᠯ ᠤᠨ ᠡᠴᠦᠰ ᠤᠨ ᠪᠣᠭᠤᠮᠲᠠ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠡᠯ᠎ᠡ ᠵᠦᠢᠯ ᠤᠨ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠴᠢᠩᠭ᠎ᠠ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠣᠯᠣᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠪᠠᠷᠢᠮᠲᠠᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠴᠠᠭ ᠮᠥᠴᠡ ᠶᠢ ᠠᠯᠳᠠᠯ ᠦᠭᠡᠢ ᠲᠡᠮᠡᠴᠡᠵᠦ᠂ ᠶᠡᠬᠡᠪᠡᠷ ᠠᠵᠢᠯᠯᠠᠵᠤ ᠲᠦᠷᠭᠡᠨ ᠳᠠᠪᠰᠢᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠥᠷᠥ ᠪᠠᠷᠢᠬᠤ ᠴᠢᠳᠠᠪᠤᠷᠢ ᠪᠠ ᠤᠳᠤᠷᠢᠳᠬᠤ ᠬᠢᠷᠢ ᠲᠦᠪᠰᠢᠨ ᠢᠶᠠᠨ ᠦᠷᠭᠦᠯᠵᠢᠯᠡᠨ ᠴᠢᠩᠭᠠᠳᠬᠠᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ ᠠᠳᠬᠤᠵᠤ᠂ ᠦᠪᠡᠷ ᠦᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠳᠠᠬᠢ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠬᠠᠷᠢᠭᠤᠴᠠᠯᠭᠠᠲᠠᠨ ᠨᠢ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠪᠠᠨ ᠲᠠᠰᠤᠷᠠᠯᠲᠠ ᠦᠭᠡᠢ ᠴᠢᠩᠭᠠᠳᠬᠠᠨ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠳᠡᠭᠡᠳᠦ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠪᠡᠯᠡ ᠮᠥᠩᠭᠦ ᠣᠯᠵᠤ ᠲᠦᠷᠥᠯ ᠵᠦᠢᠯ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠷᠡᠬᠦ ᠵᠢᠯ ᠳᠤ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠲᠥᠰᠥᠪᠯᠡᠨ ᠭᠠᠷᠭᠠᠬᠤ ᠬᠡᠷᠡᠭᠲᠡᠢ᠃ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠪᠦᠬᠦ ᠲᠠᠯ᠎ᠠ ᠪᠠᠷ ᠡᠮᠬᠢᠯᠡᠵᠦ ᠪᠦᠷᠢᠳᠬᠡᠬᠦ ᠠᠵᠢᠯ ᠢ ᠥᠷᠨᠢᠭᠦᠯᠵᠦ᠂ ᠡᠯ᠎ᠡ ᠰᠠᠯᠠᠭ᠎ᠠ ᠮᠥᠴᠢᠷ ᠬᠢᠨ ᠬᠤᠭᠤᠷᠣᠨᠲᠤ ᠪᠠᠨ ᠬᠠᠷᠢᠴᠠᠭᠤᠯᠬᠤ ᠪᠠ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠤᠢ ᠰᠢᠭᠤᠢ ᠶᠢᠨ ᠠᠬᠠᠯᠠᠭᠴᠢ ᠶᠢᠨ ᠳᠦᠷᠢᠮ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ︽ᠭᠤᠣᠯ ᠬᠠᠷᠢᠭᠤᠴᠠᠯᠭᠠᠲᠠᠨ︾ ᠤᠳᠤᠷᠢᠳᠬᠤ ᠪᠠᠭ ᠢᠶᠠᠨ ᠰᠠᠶᠢᠲᠤᠷ ᠠᠳᠬᠤᠵᠤ ᠡᠩᠨᠡᠭᠡ ᠪᠠᠨ ᠰᠠᠶᠢᠲᠤᠷ ᠳᠠᠭᠠᠭᠤᠯᠵᠤ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠡᠩᠨᠡᠭᠡ ᠶᠢ ᠳᠠᠭᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠤᠲᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号