| ︽ᠠᠷᠠᠳ ᠤᠨ ᠰᠡᠳᠬᠢᠯ ᠤᠨ ᠬᠥᠭᠦᠷᠭᠡ︾ ᠶᠢ ᠲᠠᠯᠪᠢᠵᠤ᠂ ︽ᠵᠣᠯ ᠵᠢᠷᠭᠠᠯ ᠤᠨ ᠵᠠᠮ︾ ᠢ ᠰᠠᠭᠠᠳ ᠦᠭᠡᠢ | ᠨᠡᠪᠲᠡᠷᠡᠭᠦᠯᠪᠡ᠃ 11 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠦᠯᠢᠭᠡᠷ ᠬᠥᠭᠦᠷᠭᠡ ᠶᠢ ᠲᠡᠰ | ᠳᠡᠪᠰᠢᠭᠦᠯᠬᠦ ᠥᠭᠡᠷᠡᠴᠢᠯᠡᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠬᠤ ᠶᠢᠨ ᠬᠠᠮᠲᠤ | ᠲᠡᠷᠭᠡ ᠨᠡᠪᠲᠡᠷᠡᠭᠦᠯᠪᠡ᠃ | | | ᠦᠯᠢᠭᠡᠷ ᠬᠥᠭᠦᠷᠭᠡ ᠶᠢᠨ ᠪᠥᠬᠦ ᠣᠷᠳᠣ ᠨᠢ 128 ᠮᠧᠲᠷ᠂ ᠵᠡᠭᠦᠨᠰᠢ ᠪᠠᠷᠠᠭᠤᠨᠰᠢ ᠴᠢᠭᠯᠡᠯ ᠲᠠᠢ᠃ ᠶᠡᠭᠡ | ᠬᠥᠭᠦᠷᠭᠡ ᠨᠢ ᠯᠦᠪᠸᠢ ᠪᠠᠯᠭᠠᠰᠤᠨ ᠤ ᠭᠤᠣᠯ ᠬᠤᠳᠠ ᠶᠢᠨ ᠲᠣᠭᠤᠷᠢᠭ ᠤᠨ ᠵᠡᠭᠦᠨ ᠬᠡᠰᠡᠭ ᠲᠤ ᠪᠠᠶᠢᠷᠢᠯᠠᠵᠤ᠂ | ᠦᠵᠡᠮᠵᠢ ᠶᠢᠨ ᠴᠢᠨᠠᠷ᠂ ᠴᠢᠳᠠᠮᠵᠢᠲᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠢ ᠨᠢᠭᠡ | ᠴᠣᠭᠴᠠᠵᠢᠭᠤᠯᠤᠭᠰᠠᠨ ᠬᠥᠭᠦᠷᠭᠡ ᠪᠣᠯᠣᠨ᠎ᠠ᠃ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ | ᠭᠤᠣᠯ ᠤᠨ ᠬᠤᠶᠠᠷ ᠡᠷᠭᠢ ᠶᠢᠨ ᠵᠠᠮ ᠬᠠᠷᠢᠯᠴᠠᠭᠠᠨ ᠤ ᠪᠠᠶᠢᠳᠠᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠬᠦ ᠶᠢᠨ | ᠲᠥᠯᠥᠭᠡ᠂ ᠵᠠᠷᠤᠳ ᠬᠤᠰᠢᠭᠤᠨ ᠤ ᠬᠢᠨ 2700 ᠲᠦᠮᠡᠨ ᠲᠥᠭᠦᠷᠢᠭ ᠪᠡᠯᠡ ᠣᠷᠣᠭᠤᠯᠵᠤ ᠬᠥᠭᠦᠷᠭᠡ ᠶᠢ | ᠥᠭᠡᠷᠡᠴᠢᠯᠡᠨ ᠥᠷᠭᠡᠳᠬᠡᠵᠦ ᠪᠠᠶᠢᠭᠤᠯᠵᠤ᠂ ᠬᠥᠭᠦᠷᠭᠡ ᠶᠢᠨ ᠳᠠᠭᠠᠭᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠤᠨ | ᠂ ᠬᠥᠭᠦᠷᠭᠡ ᠶᠢᠨ ᠠᠮᠤᠷ ᠲᠦᠪᠰᠢᠨ ᠤ ᠢᠯᠡᠳᠬᠡᠮᠵᠢ ᠪᠠ ᠨᠡᠪᠲᠡᠷᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | | ︽ᠡᠨᠡᠬᠦ ᠵᠠᠮ᠂ ᠡᠨᠡᠬᠦ ᠬᠥᠭᠦᠷᠭᠡ ᠶᠢ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠲᠠᠢ ᠰᠢᠭᠤᠳ ᠬᠤᠯᠪᠣᠵᠤ | ᠂ ᠠᠵᠤ ᠠᠬᠤᠶᠢᠯᠠᠯ᠂ ᠠᠷᠠᠳ ᠤᠯᠠᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠦᠭᠰᠡᠨ ᠪᠥᠭᠡᠳ ᠮᠠᠨ ᠤ | ᠵᠠᠷᠣᠳ ᠤᠨ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠳᠤ ᠲᠤᠶᠢᠯ ᠤᠨ ᠴᠢᠬᠤᠯᠠ ᠰᠠᠭᠤᠷᠢ | ᠴᠢᠨᠠᠷᠲᠠᠢ ᠠᠴᠢ ᠬᠤᠯᠪᠣᠭᠳᠠᠯ ᠲᠠᠢ ᠶᠤᠮ᠃︾ ᠭᠡᠵᠦ ᠬᠤᠰᠢᠭᠤᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠰᠤᠷᠭᠠᠯᠲᠤ ᠬᠡᠯᠡᠪᠡ᠃ | ᠦᠯᠢᠭᠡᠷ ᠬᠥᠭᠦᠷᠭᠡ ᠪᠣᠯ ᠨᠢᠰᠬᠦ ᠬᠠᠷᠢᠶᠠᠴᠠᠢ ᠬᠡᠯᠪᠡᠷᠢ ᠶᠢᠨ ᠭᠤᠯᠳᠤᠩ ᠪᠦᠲᠦᠴᠡ ᠲᠠᠢ᠂ ᠭᠠᠳᠠᠷ ᠬᠡᠯᠪᠡᠷᠢ | ᠳᠦᠷᠰᠦ ᠨᠢ ᠲᠦᠭᠦᠮ ᠠᠪᠰᠠᠷᠬᠠᠨ ᠪᠦᠭᠡᠳ ᠰᠢᠯᠣᠭᠤᠨ᠂ ᠥᠪᠡᠷᠮᠢᠴᠡ ᠣᠨᠴᠠᠯᠢᠭ ᠲᠠᠢ᠃ ᠲᠣᠰ ᠬᠥᠭᠦᠷᠭᠡ ᠶᠢᠨ | ᠪᠠᠷᠢᠯᠭ᠎ᠠ ᠳᠠᠭᠤᠰᠴᠤ ᠲᠡᠷᠭᠡ ᠨᠡᠪᠲᠡᠷᠡᠭᠰᠡᠨ ᠨᠢ ᠬᠤᠰᠢᠭᠤᠨ ᠳᠣᠲᠣᠷᠠᠬᠢ ᠵᠠᠮ ᠬᠠᠷᠢᠯᠴᠠᠭᠠᠨ ᠤ ᠪᠦᠲᠦᠴᠡ ᠶᠢ | ᠰᠢᠯᠢᠳᠡᠭᠵᠢᠭᠦᠯᠦᠭᠰᠡᠨ ᠢᠶᠠᠷ ᠪᠠᠷᠠᠬᠤ ᠦᠭᠡᠢ᠂ ᠪᠠᠰᠠ ᠵᠠᠮ ᠬᠠᠷᠢᠯᠴᠠᠭᠠᠨ ᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠠᠵᠤ ᠠᠬᠤᠶᠢᠯᠠᠯ ᠵᠢᠴᠢ ᠥᠷᠭᠡᠨ ᠣᠯᠠᠨ ᠰᠠᠭᠤᠭᠠᠯᠢ ᠠᠷᠠᠳ ᠤᠨ | ᠦᠢᠯᠡᠳᠪᠦᠷᠢᠯᠡᠯ ᠠᠮᠢᠳᠤᠷᠠᠯ ᠳᠤ ᠲᠥᠬᠦᠮ ᠦᠵᠡᠭᠦᠯᠵᠦ᠂ ᠬᠤᠲᠠ ᠶᠢᠨ ᠴᠢᠨᠠᠷ ᠲᠠᠰ ᠢ ᠳᠡᠭᠡᠭᠰᠢᠯᠡᠭᠦᠯᠬᠦ᠂ ᠪᠡᠯᠡ | ᠲᠠᠲᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | |