ᠭᠡᠷᠴᠢᠯᠠᠭᠤ ᠰᠤᠮᠤ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠳᠤ ᠤᠷᠤᠯᠴᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/11/20
         ᠣᠶᠢᠷ᠎ᠠ ᠳᠤ᠂ ᠭᠡᠷᠴᠢᠯᠠᠭᠤ ᠰᠤᠮᠤ ᠬᠢᠨ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠳᠤ ᠤᠷᠤᠯᠴᠠᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠳᠤ ᠤᠷᠤᠯᠴᠠᠭᠤᠯᠬᠤ ᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠲᠠᠬᠢᠨ ᠶᠠᠳᠠᠭᠤᠷᠠᠬᠤ ᠶᠢ ᠰᠡᠷᠬᠡᠶᠢᠯᠡᠬᠦ᠂ ᠬᠢᠨᠠᠨ ᠰᠢᠯᠭᠠᠬᠤ ᠡᠲᠡᠭᠡᠳ᠂ ᠣᠷᠣᠯᠭ᠎ᠠ ᠪᠠᠭ᠎ᠠ ᠬᠥᠮᠥᠰ ᠤᠨ ᠶᠠᠳᠠᠭᠤ ᠶᠢ  ᠰᠡᠷᠭᠡᠶᠢᠯᠡᠨ ᠠᠷᠢᠯᠭᠠᠬᠤ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠣᠯᠣᠨ᠎ᠠ᠃ ᠲᠤᠬᠠᠶᠢᠯᠠᠭᠰᠠᠨ ᠠᠵᠢᠯ ᠤᠨ ᠠᠵᠢᠯᠲᠠᠳ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾  ᠳᠤ ᠤᠷᠤᠯᠴᠠᠬᠤ ᠠᠵᠢᠯ ᠤᠨ ᠴᠢᠬᠤᠯᠠ ᠴᠢᠨᠠᠷ ᠪᠣᠯᠣᠨ ᠱᠠᠭᠠᠷᠳᠠᠯᠭᠠᠳᠤ ᠴᠢᠨᠠᠷ ᠢ ᠭᠦᠢᠴᠡᠳ ᠲᠠᠨᠢᠵᠤ᠂ ᠳᠠᠭᠠᠳᠬᠠᠯ ᠳᠤ ᠣᠷᠣᠯᠴᠠᠬᠤ ᠵᠢᠴᠢ ᠲᠥᠯᠥᠪᠦᠷᠢ ᠥᠭᠬᠦ ᠶᠠᠪᠤᠴᠠ ᠶᠢᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠶᠢᠯᠭᠠᠨ᠂ ᠶᠠᠳᠠᠭᠤ ᠠᠴᠠ ᠠᠩᠬᠢᠵᠢᠷᠠᠭᠤᠯᠤᠭᠰᠠᠨ ᠬᠥᠮᠥᠨ ᠠᠮᠠ ᠪᠣᠯᠣᠨ ᠬᠢᠨᠠᠨ ᠰᠢᠯᠭᠠᠬᠤ ᠡᠷᠦᠬᠡ ᠶᠢ ᠪᠠᠶᠢᠴᠠᠭᠠᠨ ᠵᠢᠭᠰᠠᠭᠠᠬᠤ᠂ ᠲᠦᠷᠦ ᠶᠢᠨ ᠪᠣᠳᠣᠯᠭ᠎ᠠ ᠶᠢ ᠤᠬᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ︾  ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃     
微信图片_20231120110743.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号