ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠄ ︽ᠲᠥᠷᠬᠦᠮ ᠤᠨ ᠬᠥᠮᠥᠨ︾ ᠪᠣᠯᠵᠤ᠂ ︽ᠴᠠᠯᠢᠩ︾ ᠢᠶᠠᠨ ᠤᠯᠬᠤ ᠳᠤ ᠶᠠᠷᠰᠢᠭ ᠲᠦᠪᠡᠭ ᠲᠠᠢ ᠠᠰᠠᠭᠤᠳᠠᠯ ᠢ ᠰᠢᠢᠳᠪᠤᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/11/20
      ᠣᠶᠢᠷ᠎ᠠ ᠶᠢᠨ ᠬᠤᠶᠠᠷ ᠵᠢᠯ ᠳᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠬᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠳᠡᠯᠮᠦᠷᠢᠴᠢᠨ ᠵᠡᠷᠭᠡ ᠬᠥᠳᠡᠯᠮᠦᠷᠢ ᠶᠢᠨ ᠬᠦᠷᠢᠶᠡᠨ ᠳᠠᠬᠢ ᠮᠠᠷᠭᠤᠯᠳᠤᠭᠠᠨ ᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠰᠢᠭᠦᠬᠦ ᠬᠤᠷᠢᠶ᠎ᠠ + ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ + ᠠᠵᠢᠯᠴᠢᠨ ᠤ ᠡᠪᠯᠡᠯ︾ ᠭᠤᠷᠪᠠᠨ ᠲᠠᠯ᠎ᠠ ᠶᠢᠨ ᠠᠵᠢᠯ ᠤᠨ ᠵᠠᠭᠪᠤᠷ ᠢ ᠭᠦᠨᠵᠡᠭᠡᠶᠢᠷᠡᠭᠦᠯᠵᠦ᠂ 2022 ᠣᠨ ᠤ 4 ᠰᠠᠷ᠎ᠠ ᠳᠤ ᠫᠠᠶᠢᠰᠠ ᠡᠯᠭᠦᠨ ᠬᠥᠳᠡᠯᠮᠦᠷᠢ ᠶᠢᠨ ᠮᠠᠷᠭᠤᠯᠳᠤᠭᠠᠨ ᠢ ᠲᠡᠰᠦᠯᠦᠨ ᠲᠣᠬᠢᠷᠠᠭᠤᠯᠬᠤ ᠠᠵᠢᠯ ᠤᠨ ᠲᠠᠰᠤᠭ ᠪᠠᠶᠢᠭᠤᠯᠪᠠ᠃ ᠰᠢᠭᠦᠬᠦ ᠬᠤᠷᠢᠶ᠎ᠠ ᠵᠢᠴᠢ ᠨᠠᠰᠤᠨ ᠤ ᠠᠮᠠᠷᠠᠯᠲᠠ ᠪᠠᠨ ᠠᠪᠤᠭᠰᠠᠨ ᠬᠠᠤᠯᠢ ᠶᠢᠨ ᠲᠤᠰᠢᠶᠠᠯᠲᠠᠨ ᠤ ᠡᠶᠡᠳᠡᠭᠦᠯᠭᠡ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠪᠦᠬᠦ ᠤᠯᠤᠰ ᠤᠨ ᠰᠢᠯᠢᠳᠡᠭ ᠬᠠᠤᠯᠢ ᠶᠢᠨ ᠲᠤᠰᠢᠶᠠᠯᠲᠠᠨ ᠨᠠᠰᠤᠨ ᠤ ᠡᠭᠦᠳᠦᠨ ᠪᠠᠶᠢᠭᠤᠯᠤᠭᠰᠠᠨ ︽ᠨᠠᠰᠤᠨ ᠤ ᠡᠶᠡᠳᠡᠭᠦᠯᠬᠦ ᠠᠷᠭ᠎ᠠ︾ ᠶᠢᠨ ᠳᠠᠪᠠᠭᠤᠯᠢᠭ ᠢ ᠪᠠᠳᠠᠷᠠᠭᠤᠯᠵᠤ᠂ ᠤᠯᠠᠮ ᠠᠴᠠ ᠤᠯᠠᠮ ᠤᠯᠠᠨ ᠬᠥᠳᠡᠯᠮᠦᠷᠢᠴᠢᠨ ᠢ ᠬᠠᠪᠰᠤᠷᠤᠨ ᠣᠯᠪᠠᠰᠤ ᠵᠣᠬᠢᠬᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠢ ᠨᠡᠬᠡᠨ ᠠᠪᠴᠢᠷᠠᠵᠤ᠂ ᠬᠥᠳᠡᠯᠮᠦᠷᠢᠴᠢᠨ ᠤ ︽ᠴᠠᠯᠢᠩ︾ ᠢᠶᠠᠨ ᠤᠯᠬᠤ ᠳᠤ ᠶᠠᠷᠰᠢᠭ ᠲᠦᠪᠡᠭ ᠲᠠᠢ ᠶᠠᠪᠤᠳᠠᠯ ᠢ ᠦᠨᠡᠨ ᠬᠦ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ︽ᠲᠥᠷᠬᠦᠮ ᠤᠨ ᠬᠥᠮᠥᠨ︾ ᠤ ᠳᠦᠷᠢ ᠶᠢ ᠤᠯᠠᠮ ᠠᠴᠠ ᠤᠯᠠᠮ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠳᠤ ᠮᠡᠳᠡᠷᠡᠭᠦᠯᠪᠡ᠃       
微信图片_20231120110806.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号