| ᠬᠠᠬᠢᠷ ᠡᠪᠦᠯ ᠪᠣᠯᠬᠤ ᠳᠤ᠂ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠵᠠᠷᠤᠳ ᠬᠤᠰᠢᠭᠤᠨ ᠤ ᠡᠯ᠎ᠡ | ᠭᠠᠵᠠᠷ ᠤᠨ ᠬᠢᠨ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠢᠶᠠᠷ ᠬᠥᠳᠡᠯᠦᠯᠴᠡᠨ᠂ ᠡᠩ ᠤᠨ | ᠦᠨᠡᠲᠦ ᠨᠡᠭᠦᠷᠡᠰᠦ ᠲᠠᠷᠬᠠᠭᠠᠬᠤ ᠠᠵᠢᠯ ᠢ ᠣᠳᠣᠬᠠᠨ ᠤ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ | ᠪᠣᠯᠭᠠᠵᠤ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠢ ᠬᠦᠴᠦᠯᠡᠨ ᠰᠠᠶᠢᠲᠤᠷ ᠬᠢᠵᠦ᠂ | ᠬᠦᠳᠡᠭᠡ ᠲᠣᠰᠬᠤᠨ ᠮᠠᠯᠵᠢᠬᠤ ᠣᠷᠣᠨ ᠤ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ | ᠨᠡᠭᠦᠷᠡᠰᠦ ᠶᠢ ᠪᠦᠲᠦᠮᠵᠢᠲᠡᠶ ᠪᠠᠲᠤᠯᠠᠵᠤ᠂ ᠣᠯᠠᠨ ᠲᠦᠮᠡᠨ ᠳᠤ ᠴᠠᠭ ᠲᠤᠬᠠᠢ ᠳᠤᠨᠢ ︽ᠰᠡᠳᠬᠢᠯ ᠳᠤᠯᠠᠭᠠᠴᠠᠭᠤᠯᠬᠤ | ᠨᠡᠭᠦᠷᠡᠰᠦ︾ ᠬᠦᠷᠭᠡᠵᠦ᠂ ᠺᠠᠳ᠋ᠷ ᠣᠯᠠᠨ ᠲᠦᠮᠡᠨ ᠤ ᠳᠣᠮᠲᠠ ︽ᠰᠡᠳᠬᠢᠯ ᠬᠤᠯᠪᠣᠬᠤ ᠬᠥᠭᠦᠷᠭᠡ︾ ᠪᠣᠰᠬᠠᠪᠠ᠃ | | | ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠲᠣᠰ ᠭᠠᠵᠠᠷ ᠣᠷᠣᠨ ᠳᠤ ᠪᠣᠷᠣᠯᠠᠭᠤᠯᠬᠤ ᠨᠡᠭᠦᠷᠡᠰᠦ | ᠲᠡᠭᠡᠭᠡᠬᠦ ᠠᠬᠤᠢ ᠲᠠᠯᠠᠪᠠᠢ ᠳᠤ ᠬᠦᠷᠬᠦ ᠳᠤ᠂ ᠲᠣᠮᠣ ᠬᠡᠯᠪᠡᠷᠢ ᠶᠢᠨ ᠤᠳᠬᠤᠭᠤᠷ ᠲᠡᠷᠭᠡ ᠨᠠᠷᠢᠨ ᠨᠢᠮᠪᠠᠢ | ᠰᠣᠩᠭᠤᠭᠳᠠᠭᠰᠠᠨ ᠬᠡᠰᠡᠭᠲᠦ ᠨᠡᠭᠦᠷᠡᠰᠦ ᠶᠢ ᠲᠣᠮᠣ ᠠᠴᠢᠶᠠᠨ ᠤ ᠮᠠᠰᠢᠨ ᠲᠡᠷᠭᠡᠨ ᠳᠤ ᠲᠡᠭᠡᠭᠡᠵᠦ᠂ ︽ᠰᠡᠳᠬᠢᠯ | ᠳᠤᠯᠠᠭᠠᠴᠠᠭᠤᠯᠬᠤ︾ ᠡᠩ ᠤᠨ ᠦᠨᠡᠲᠦ ᠨᠡᠭᠦᠷᠡᠰᠦ ᠶᠢ ᠳᠦᠭᠦᠷᠲᠡᠯ᠎ᠡ ᠲᠡᠭᠡᠭᠡᠭᠰᠡᠨ ᠲᠣᠮᠣ ᠠᠴᠢᠶᠠᠨ ᠤ ᠮᠠᠰᠢᠨ | ᠲᠡᠷᠭᠡ ᠨᠦᠭᠦᠳ ᠠᠬᠤᠢ ᠲᠠᠯᠠᠪᠠᠢ ᠠᠴᠠ ᠡᠯ᠎ᠡ ᠭᠠᠵᠠᠷ ᠲᠤ ᠲᠡᠰᠢ ᠶᠠᠪᠣᠵᠤ ᠪᠠᠶᠢᠯ᠎ᠠ᠃ | ︽ᠰᠡᠳᠬᠢᠯ ᠳᠤᠯᠠᠭᠠᠴᠠᠭᠤᠯᠬᠤ︾ ᠨᠡᠭᠦᠷᠡᠰᠦ ᠶᠢ ᠴᠠᠭ ᠲᠤᠬᠠᠢ ᠳᠤᠨᠢ ᠮᠠᠯᠴᠢᠨ ᠲᠠᠷᠢᠶᠠᠴᠢᠨ ᠳᠤ ᠬᠦᠷᠭᠡᠬᠦ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ | ᠬᠢᠨ ᠨᠡᠭᠦᠷᠡᠰᠦᠨ ᠤ ᠦᠢᠯᠡᠳᠪᠦᠷᠢᠯᠡᠯ᠂ ᠲᠡᠭᠡᠭᠡᠪᠦᠷᠢᠯᠡᠬᠦ ᠬᠦᠴᠦᠨ ᠤ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠬᠥᠮᠥᠨ ᠤ ᠬᠦᠴᠦ ᠪᠣᠳᠠᠰ ᠤᠨ | ᠬᠦᠴᠦᠨ ᠤ ᠣᠷᠣᠭᠤᠯᠤᠯᠲᠠ ᠪᠠᠨ ᠢᠳᠡᠪᠬᠢᠲᠡᠢ ᠪᠠᠷ ᠨᠡᠮᠡᠭᠳᠡᠭᠦᠯᠵᠦ᠂ ᠦᠢᠯᠡᠳᠪᠦᠷᠢᠯᠡᠬᠦ ᠲᠡᠭᠡᠭᠡᠪᠦᠷᠢᠯᠡᠬᠦ | ᠪᠣᠷᠣᠯᠠᠭᠤᠯᠬᠤ ᠶᠢᠨ ᠬᠠᠮᠵᠢᠯᠴᠠᠭ᠎ᠠ ᠶᠢᠨ ᠨᠢᠭᠲᠠᠴᠠ ᠶᠢ ᠳᠡᠭᠡᠭᠰᠢᠯᠡᠭᠦᠯᠵᠦ᠂ ︽ᠰᠡᠳᠬᠢᠯ ᠳᠤᠯᠠᠭᠠᠴᠠᠭᠤᠯᠬᠤ ︾ | ᠡᠩ ᠤᠨ ᠦᠨᠡᠲᠦ ᠨᠡᠭᠦᠷᠡᠰᠦ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠵᠤ ᠮᠠᠯᠴᠢᠨ ᠲᠠᠷᠢᠶᠠᠴᠢᠳ | ᠨᠢᠭᠡᠪᠦᠷᠢ ᠳᠤ ᠴᠢᠨᠠᠷ ᠰᠠᠶᠢᠲᠠᠢ ᠨᠡᠭᠦᠷᠡᠰᠦ ᠬᠦᠷᠭᠡᠬᠦ ᠶᠢ ᠪᠠᠲᠤᠯᠠᠪᠠ᠃ ᠣᠳᠣᠬᠠᠨ ᠪᠣᠯᠲᠠᠯ᠎ᠠ᠂ ᠡᠩ ᠤᠨ ᠦᠨᠡᠲᠦ | ᠨᠡᠭᠦᠷᠡᠰᠦ ᠶᠢ ᠨᠡᠶᠢᠲᠡ 18.8 ᠲᠦᠮᠡᠨ ᠲᠣᠨ ᠲᠡᠭᠡᠭᠡᠪᠦᠷᠢᠯᠡᠵᠦ᠂ ᠠᠴᠢᠶᠠᠯᠠᠬᠤ ᠴᠢᠳᠠᠪᠤᠷᠢ ᠨᠢ ᠡᠳᠦᠷ ᠪᠦᠷᠢ | ᠳᠤᠮᠳᠠᠴᠢ ᠪᠠᠷ 1.2 ᠲᠦᠮᠡᠨ ᠲᠣᠨ ᠬᠦᠷᠴᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠮᠤᠭ ᠤᠨ ᠶᠡᠭᠡ | ᠲᠡᠭᠡᠭᠡᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠬᠠᠩᠭᠠᠵᠤ᠂ ᠡᠩ ᠤᠨ ᠦᠨᠡᠲᠦ ᠨᠡᠭᠦᠷᠡᠰᠦᠨ ᠤ ᠬᠠᠩᠭᠠᠯᠭ᠎ᠠ ᠶᠢ | ᠺᠣᠮᠫᠠᠨᠢ ᠶᠢᠨ ᠬᠠᠮᠤᠭ ᠤᠨ ᠶᠡᠭᠡ ᠠᠷᠠᠳ ᠤᠨ ᠠᠮᠢᠳᠤᠷᠠᠯ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ | ᠴᠣᠭᠴᠠᠯᠠᠪᠠ᠃ | | | ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠡᠰᠢᠭᠲᠦ᠄ ︽ᠲᠦᠩᠯᠢᠶᠣᠣ | ᠬᠤᠲᠠ ᠶᠢᠨ ᠡᠨᠧᠷᠭᠢ ᠶᠢᠨ ᠲᠣᠪᠴᠢᠶ᠎ᠠ ᠲᠠᠢ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ ᠠᠵᠢᠯ ᠤᠨ ᠲᠤᠰᠬᠠᠢ | ᠳᠤᠭᠤᠶᠢᠯᠠᠩ ᠪᠠᠶᠢᠭᠤᠯᠵᠤ᠂ ᠬᠠᠩᠭᠠᠯᠭ᠎ᠠ ᠶᠢᠨ ᠲᠣᠭᠲᠠᠴᠠ ᠶᠢ ᠤᠷᠢᠳᠴᠢᠯᠠᠨ ᠡᠬᠢᠯᠡᠭᠦᠯᠵᠦ᠂ ᠠᠭᠤᠷᠬᠠᠢ ᠶᠢᠨ | ᠬᠠᠮᠤᠭ ᠤᠨ ᠰᠠᠶᠢᠨ ᠨᠡᠭᠦᠷᠡᠰᠦ ᠮᠠᠯᠲᠠᠬᠤ ᠳᠠᠪᠬᠤᠷᠭ᠎ᠠ ᠶᠢ ᠨᠠᠷᠢᠨ ᠰᠣᠩᠭᠤᠵᠤ᠂ ᠳᠡᠯᠪᠡᠴᠢᠬᠦ ᠨᠦᠬᠡ ᠶᠢᠨ ᠲᠣᠣᠷ ᠤᠨ | ᠪᠣᠯᠵᠣᠯᠲᠤ ᠲᠤᠭ᠎ᠠ ᠳᠤ ᠲᠣᠬᠢᠷᠠᠭᠤᠯᠤᠯᠲᠠ ᠬᠢᠵᠦ᠂ ᠬᠡᠰᠡᠭᠲᠦ ᠨᠡᠭᠦᠷᠡᠰᠦ ᠥᠨᠳᠥᠷ᠂ ᠢᠯᠴᠢ ᠶᠢᠨ ᠬᠡᠮᠵᠢᠭᠳᠡᠯ ᠢᠶᠠᠷ | ᠥᠨᠳᠥᠷ ᠣᠷᠣᠨ ᠪᠦᠰᠡ ᠶᠢ ᠰᠢᠯᠢᠨ ᠰᠣᠩᠭᠤᠵᠤ᠂ ᠨᠡᠭᠦᠷᠡᠰᠦᠨ ᠤ ᠪᠣᠷᠤᠯᠠᠭᠤᠯᠭ᠎ᠠ ᠶᠢᠨ ᠰᠠᠭᠠᠳ ᠦᠭᠡᠢ ᠨᠡᠪᠲᠡᠷᠡᠬᠦ | ᠵᠠᠮ ᠢ ᠨᠡᠭᠡᠭᠡᠵᠦ᠂ ᠨᠡᠭᠦᠷᠡᠰᠦ ᠶᠢ ᠬᠢᠨᠠᠨ ᠲᠣᠭᠲᠠᠭᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠰᠣᠯᠠᠯᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ︾ ᠭᠡᠵᠦ ᠬᠡᠯᠡᠪᠡ᠃ | ᠴᠢᠪᠠᠭᠠᠲᠤ ᠰᠤᠮᠤᠨ ᠤ ᠪᠠᠶᠠᠨᠬᠤᠸᠠ ᠭᠠᠴᠠᠭᠠᠨ ᠤ ᠡᠩ ᠤᠨ ᠦᠨᠡᠲᠦ ᠨᠡᠭᠦᠷᠡᠰᠦ ᠲᠠᠷᠬᠠᠭᠠᠵᠤ ᠪᠠᠶᠢᠭ᠎ᠠ ᠠᠬᠤᠢ | ᠲᠠᠯᠠᠪᠠᠢ ᠳᠤ᠂ ᠲᠣᠰᠬᠤᠨ ᠤ ᠠᠷᠠᠳ ᠪᠠᠶᠠᠷ ᠬᠦᠷ ᠲᠠᠢ ᠪᠠᠷ ᠤᠷᠲᠤ ᠮᠥᠷᠯᠡᠨ ᠵᠣᠭᠰᠣᠵᠤ ᠪᠠᠶᠢᠯ᠎ᠠ᠃ ᠠᠵᠢᠯᠲᠠᠳ | ᠪᠣᠯᠣᠨ ᠲᠣᠰᠬᠤᠨ ᠤ ᠠᠷᠠᠳ ᠬᠠᠷᠢᠯᠴᠠᠨ ᠬᠠᠮᠵᠢᠯᠴᠠᠵᠤ᠂ ᠪᠦᠷᠢᠳᠬᠡᠬᠦ᠂ ᠲᠡᠭᠡᠭᠡᠪᠦᠷᠢᠯᠡᠬᠦ᠂ ᠵᠢᠩᠯᠡᠬᠦ ᠵᠡᠷᠭᠡ ᠠᠵᠢᠯ | ᠡᠮᠬᠢ ᠵᠢᠷᠤᠮ ᠲᠠᠢ ᠶᠠᠪᠤᠭᠳᠠᠵᠤ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠡᠭᠡᠭᠡᠪᠦᠷᠢᠯᠡᠭᠰᠡᠨ ᠮᠠᠰᠢᠨ | ᠲᠡᠷᠭᠡ ᠨᠦᠭᠦᠳ ᠠᠴᠢᠶ᠎ᠠ ᠳᠦᠭᠦᠷᠡᠩ ᠪᠤᠴᠠᠵᠤ᠂ ᠲᠣᠰᠬᠤᠨ ᠤ ᠠᠷᠠᠳ ᠤᠨ ᠴᠢᠷᠠᠢ ᠳᠤ ᠪᠠᠶᠠᠷ ᠤᠨ ᠢᠨᠢᠶᠡᠮᠰᠦᠭᠯᠡᠯ | ᠪᠢᠯᠬᠠᠵᠤ ᠪᠠᠶᠢᠯ᠎ᠠ᠃ | ᠲᠣᠰᠬᠤᠨ ᠤ ᠠᠷᠠᠳ ᠡᠩᠬᠡ ᠪᠠᠶᠠᠷᠲᠠᠢ ᠪᠠᠷ᠄ ︽ᠡᠨᠡ ᠬᠡᠳᠦᠨ ᠵᠢᠯ ᠤᠨ ᠡᠩ ᠤᠨ ᠦᠨᠡᠲᠦ ᠨᠡᠭᠦᠷᠡᠰᠦ ᠨᠡᠯᠢᠶᠡᠳ | ᠰᠠᠶᠢᠨ᠂ ᠥᠪᠡᠷ ᠢᠶᠠᠨ ᠪᠠᠯᠭᠠᠰᠤᠨ ᠠᠴᠠ ᠬᠤᠳᠠᠯᠳᠤᠨ ᠠᠪᠤᠪᠠᠯ ᠲᠡᠭᠡᠭᠡᠪᠦᠷᠢ ᠶᠢᠨ ᠰᠦᠢᠳᠬᠡᠯ ᠨᠢ ᠴᠦ ᠥᠨᠳᠥᠷ | ᠪᠠᠶᠢᠳᠠᠯ᠂ ᠡᠩ ᠤᠨ ᠦᠨᠡᠲᠦ ᠨᠡᠭᠦᠷᠡᠰᠦ ᠶᠢ ᠠᠶᠢᠯ ᠲᠣᠰᠬᠤᠨ ᠳᠤ ᠬᠦᠷᠭᠡᠨ ᠢᠷᠡᠵᠤ᠂ ᠦᠪᠡᠰᠦᠪᠡᠨ ᠲᠦᠷᠪᠡᠨ | ᠬᠦᠷᠳᠦᠲᠦ ᠲᠡᠷᠭᠡ ᠪᠠᠨ ᠪᠠᠷᠢᠵᠤ ᠲᠡᠭᠡᠭᠡᠪᠦᠷᠢᠯᠡᠪᠡᠯ ᠪᠣᠯᠴᠢᠬᠠᠳᠠᠭ᠂ ᠭᠤᠣᠯᠴᠢ ᠪᠠᠷ ᠬᠤᠪᠢᠶᠠᠨ ᠥᠭᠴᠦ᠂ ᠠᠷᠠᠳ | ᠤᠯᠠᠨ ᠳᠤ ᠶᠡᠭᠡ ᠰᠠᠶᠢᠨ ᠪᠠᠶᠢᠨ᠎ᠠ︾ ᠭᠡᠵᠦ ᠬᠡᠯᠡᠪᠡ᠃ | ᠪᠠᠶᠠᠨᠬᠤᠸᠠ ᠭᠠᠴᠠᠭᠠᠨ ᠤ ᠨᠠᠮ ᠤᠨ ᠡᠭᠦᠷ ᠤᠨ ᠱᠦᠵᠢ ᠪᠦᠦ ᠭᠠᠩ᠄ ︽ᠡᠨᠡ ᠵᠢᠯ ᠤᠨ 218 ᠡᠷᠦᠬᠡ | ᠵᠠᠬᠢᠶᠠᠯᠠᠵᠤ᠂ 433 ᠲᠣᠨ ᠡᠩ ᠤᠨ ᠦᠨᠡᠲᠦ ᠨᠡᠭᠦᠷᠡᠰᠦ ᠠᠪᠬᠤ ᠪᠠᠷ ᠪᠣᠯᠪᠠ᠃ ᠨᠡᠭᠦᠷᠡᠰᠦᠨ ᠤ ᠶᠠᠰᠤ ᠴᠢᠨᠠᠷ | ᠪᠠᠲᠤᠯᠠᠭ᠎ᠠ ᠲᠠᠢ ᠪᠠᠶᠢᠵᠤ᠂ ᠠᠷᠠᠳ ᠲᠦᠮᠡᠨ ᠦᠨᠡᠨ ᠬᠦ ᠪᠣᠳᠠᠲᠤ ᠠᠰᠢᠭ ᠭᠥᠷᠳᠡᠵᠦ᠂ ᠠᠷᠠᠳ ᠲᠦᠮᠡᠨ ᠨᠠᠮ ᠪᠠ | ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠯᠠᠭᠤᠨ ᠳᠤᠯᠠᠭᠠᠨ ᠢ ᠭᠦᠨ ᠣᠶᠢᠯᠠᠭᠠᠵᠤ ᠪᠠᠶᠢᠨ᠎ᠠ︾ ᠭᠡᠵᠦ ᠬᠡᠯᠡᠪᠡ᠃ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠲᠡᠭᠦᠰᠬᠡᠯ ᠭᠡᠵᠦ ᠪᠠᠶᠢᠬᠤ ᠦᠭᠡᠢ᠂ ᠵᠥᠪᠬᠡᠨ | ᠲᠠᠰᠤᠷᠠᠯᠳᠡ ᠦᠭᠡᠢ ᠦᠷᠭᠦᠯᠵᠢᠯᠡᠬᠦ ᠰᠢᠨ᠎ᠡ ᠭᠠᠷᠤᠭ᠎ᠠ ᠲᠠᠢ ᠶᠤᠮ᠃ ︽ᠰᠡᠳᠬᠢᠯ ᠳᠤᠯᠠᠭᠠᠴᠠᠭᠤᠯᠬᠤ ᠨᠡᠭᠦᠷᠡᠰᠦ︾ | ᠲᠠᠷᠬᠠᠭᠠᠬᠤ ᠠᠵᠢᠯ ᠪᠣᠯ ᠣᠯᠠᠨ ᠲᠦᠮᠡᠨ ᠢ ᠬᠠᠯᠠᠮᠵᠢᠯᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠯᠠᠨ | ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠪᠣᠳᠠᠲᠠᠢ ᠶᠢ | ᠡᠷᠬᠢᠮᠯᠡᠭᠰᠡᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠣᠯᠠᠨ ᠲᠦᠮᠡᠨ ᠤ ᠠᠩᠬᠠᠷᠴᠤ | ᠪᠠᠶᠢᠭ᠎ᠠ ᠤᠴᠢᠷ ᠶᠠᠪᠤᠳᠠᠯ ᠢ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠤᠨ ᠬᠠᠷᠢᠭᠤᠴᠠᠯᠭ᠎ᠠ ᠶᠢ | ᠮᠥᠷᠥᠨ ᠳᠡᠭᠡᠨ ᠡᠭᠦᠷᠭᠡᠯᠡᠵᠦ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠠᠰᠠᠭᠤᠳᠠᠯ ᠢ | ᠰᠢᠢᠳᠪᠦᠷᠢᠯᠡᠬᠦ ᠶᠠᠪᠤᠳᠠᠯ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠤᠷᠢᠳᠴᠢᠯᠠᠨ | ᠲᠥᠯᠥᠪᠵᠢᠭᠦᠯᠵᠦ᠂ ᠣᠨᠣᠴᠠᠲᠠᠢ ᠪᠠᠷ ᠵᠣᠯᠭᠠᠭᠤᠯᠵᠤ᠂ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ | ᠲᠠᠷᠢᠶᠠᠴᠢᠨ ᠡᠷᠦᠬᠡ ᠶᠢᠨ ᠲᠤᠭ᠎ᠠ᠂ ᠨᠡᠭᠦᠷᠡᠰᠦ ᠬᠡᠷᠡᠭᠯᠡᠬᠦ ᠬᠡᠷᠡᠭᠴᠡᠭᠡ ᠵᠡᠷᠭᠡ ᠦᠨᠳᠦᠰᠦᠨ ᠮᠡᠳᠡᠭᠡ ᠵᠠᠩᠭᠢ ᠶᠢ | ᠣᠶᠢᠯᠠᠭᠠᠵᠤ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡᠨ ᠤ ᠨᠡᠭᠦᠷᠡᠰᠦᠨ ᠤ | ᠬᠡᠮᠵᠢᠶ᠎ᠡ ᠪᠠ ᠳᠤᠲᠠᠭᠳᠠᠵᠤ ᠪᠠᠶᠢᠭ᠎ᠠ ᠲᠤᠭ᠎ᠠ ᠬᠡᠮᠵᠢᠶ᠎ᠡ ᠶᠢ ᠲᠣᠳᠣᠷᠬᠠᠢ ᠣᠶᠢᠯᠠᠭᠠᠬᠤ ᠶᠢᠨ ᠬᠠᠮᠲᠤ ᠢᠳᠡᠪᠬᠢᠲᠡᠢ | ᠤᠬᠠᠭᠤᠯᠵᠤ᠂ ᠪᠠᠲᠤᠯᠠᠭ᠎ᠠ ᠶᠢᠨ ᠴᠢᠨᠠᠷᠲᠠᠢ ᠨᠡᠭᠦᠷᠡᠰᠦ ᠶᠢ ᠦᠨᠡᠨᠬᠦ ᠬᠡᠷᠡᠭᠴᠡᠭᠡ ᠲᠠᠢ ᠮᠠᠯᠴᠢᠨ ᠲᠠᠷᠢᠶᠠᠴᠢᠳ ᠲᠤ | ᠬᠠᠩᠭᠠᠬᠤ ᠶᠢ ᠪᠠᠲᠤᠯᠠᠵᠤ᠂ ᠮᠠᠯᠴᠢᠨ ᠲᠠᠷᠢᠶᠠᠴᠢᠳ ᠢ ᠡᠪᠦᠯ ᠤᠨ ᠤᠯᠠᠷᠢᠯ ᠳᠤ ᠰᠢᠲᠠᠭᠠᠬᠤ ᠨᠡᠭᠦᠷᠡᠰᠦ ᠲᠠᠢ ᠪᠠᠷ | ᠪᠠᠷᠠᠬᠤ ᠦᠭᠡᠢ ᠪᠠᠰᠠ ᠨᠡᠭᠦᠷᠡᠰᠦ ᠰᠢᠲᠠᠭᠠᠵᠤ ᠳᠡᠶᠢᠯᠡᠭᠦᠯᠬᠦ ᠪᠣᠯᠭᠠᠪᠠ᠃ ᠣᠶᠢᠯᠠᠭᠠᠭᠰᠠᠨ ᠢᠶᠠᠷ᠂ ᠡᠨᠡ ᠵᠢᠯ ᠪᠥᠬᠦ | ᠬᠤᠰᠢᠭᠤᠨ ᠳᠤ 6.2 ᠲᠦᠮᠡᠨ ᠡᠷᠦᠬᠡ᠂ 15 ᠲᠦᠮᠡᠨ ᠮᠠᠯᠴᠢᠨ ᠲᠠᠷᠢᠶᠠᠴᠢᠳ ᠲᠤ 12.4 ᠲᠦᠮᠡᠨ ᠲᠣᠨ | ᠳᠤᠯᠠᠭᠠᠯᠠᠭ᠎ᠠ ᠶᠢᠨ ᠨᠡᠭᠦᠷᠡᠰᠦ ᠲᠠᠷᠬᠠᠭᠠᠵᠤ᠂ ᠣᠲᠣ ᠪᠣᠯᠲᠠᠯ᠎ᠠ ᠪᠦᠬᠦᠨ ᠢ ᠲᠠᠷᠭᠠᠬᠠᠨ ᠳᠠᠭᠤᠰᠬᠠᠪᠠ᠃ | | | |