| | ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽2024 ᠣᠨ ᠤ ᠪᠥᠬᠦ ᠤᠯᠤᠰ ᠤᠨ | ᠰᠣᠳᠤᠯᠤᠨ ᠰᠤᠷᠤᠭᠴᠢ ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ | ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠶᠢᠨ | 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ | ᠲᠤᠬᠠᠶ ᠪᠠᠶᠢᠷᠢᠯᠠᠭᠤᠯᠪᠠ᠃ 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ | ᠰᠢᠯᠭᠠᠯᠲᠠ ᠶᠢᠨ ᠠᠩᠬᠠᠨ ᠤ ᠰᠢᠯᠭᠠᠯᠲᠠ ᠶᠢ 2023 ᠣᠨ ᠤ 12 ᠰᠠᠷ᠎ᠠ ᠶᠢᠨ 23-24 ᠤ ᠡᠳᠦᠷ | ᠶᠠᠪᠤᠭᠳᠠᠭᠤᠯᠵᠤ᠂ ᠰᠢᠯᠭᠠᠯᠲᠠ ᠶᠢᠨ ᠴᠠᠭ 3 ᠴᠠᠭ ᠠᠴᠠ ᠬᠡᠲᠦᠷᠡᠭᠰᠡᠨ ᠪᠤᠶᠤ ᠬᠡᠷᠡᠭᠯᠡᠬᠦ ᠵᠢᠷᠤᠭ ᠤᠨ ᠬᠠᠪᠲᠠᠰᠤ | ᠬᠡᠷᠡᠭᠯᠡᠬᠦ ᠵᠡᠷᠭᠡ ᠣᠨᠴᠠᠭᠠᠶ ᠱᠠᠭᠠᠷᠳᠠᠯᠭ᠎ᠠ ᠲᠠᠢ ᠴᠥᠭᠡᠨ ᠲᠣᠭᠠᠨ ᠤ ᠰᠢᠯᠭᠠᠯᠲᠠ ᠶᠢᠨ ᠬᠢᠴᠢᠶᠡᠯ ᠲᠥᠷᠥᠯ ᠢ 12 | ᠰᠠᠷ᠎ᠠ ᠶᠢᠨ 25 ᠤ ᠡᠳᠦᠷ ᠶᠠᠪᠤᠭᠳᠠᠭᠤᠯᠤᠨ᠎ᠠ᠃ ᠬᠠᠮᠲᠤ ᠳᠤ ᠪᠠᠨ ᠣᠶᠢᠯᠠᠭᠠᠵᠠᠭᠠᠶ᠎ᠠ᠃ | ︽ᠲᠣᠭᠲᠠᠭᠠᠯ︾ ᠳᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ | ᠰᠢᠯᠭᠠᠭᠤᠯᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠯᠭᠠᠭᠤᠯᠤᠭᠴᠢ ᠳᠤ ᠨᠠᠩ ᠬᠠᠯᠠᠭᠤᠨ ᠳᠤᠯᠠᠭᠠᠨ | ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠶ᠃ ᠰᠢᠯᠭᠠᠯᠲᠠ ᠶᠢᠨ ᠡᠬᠢ ᠪᠠᠶᠠᠯᠢᠭ ᠤᠨ | ᠪᠠᠲᠤᠯᠠᠭ᠎ᠠ ᠶᠢ ᠴᠢᠩᠭᠠᠳᠬᠠᠵᠤ᠂ ᠰᠢᠯᠭᠠᠯᠲᠠ ᠶᠢᠨ ᠣᠷᠣᠨ ᠪᠠᠶᠢᠷᠢ ᠪᠠ ᠰᠢᠯᠭᠠᠯᠲᠠ ᠶᠢᠨ ᠠᠵᠢᠯᠲᠠᠨ ᠢ ᠭᠦᠢᠴᠡᠳ | ᠲᠣᠬᠢᠷᠠᠭᠤᠯᠵᠤ᠂ ᠰᠢᠯᠭᠠᠯᠲᠠ ᠶᠢ ᠵᠣᠬᠢᠶᠠᠨ ᠪᠠᠶᠢᠭᠤᠯᠬᠤ ᠠᠵᠢᠯ ᠳᠤ ᠦᠢᠯᠡᠴᠢᠯᠡᠵᠦ ᠪᠠᠲᠤᠯᠠᠨ᠎ᠠ᠃ ᠨᠡᠷ᠎ᠡ | ᠮᠡᠳᠡᠭᠦᠯᠬᠦ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠨᠥᠬᠦᠴᠡᠯ ᠲᠠᠢ ᠮᠤᠵᠢ ᠣᠷᠣᠨ ᠨᠠᠩ ᠣᠯᠠᠨ | ᠰᠢᠯᠭᠠᠭᠤᠯᠤᠭᠴᠢ ᠲᠤᠬᠠᠶ ᠶᠢᠨ ᠭᠠᠵᠠᠷ ᠲᠤ ᠪᠠᠨ ᠨᠡᠷ᠎ᠡ ᠮᠡᠳᠡᠭᠦᠯᠬᠦ ᠳᠤ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠵᠤ᠂ ᠰᠢᠯᠭᠠᠭᠤᠯᠤᠭᠴᠢ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠡᠷ᠎ᠡ ᠮᠡᠳᠡᠭᠦᠯᠬᠦ | ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠶᠢ ᠰᠠᠶᠢᠲᠤᠷ ᠬᠢᠨ᠎ᠠ᠃ ᠰᠢᠯᠭᠠᠭᠤᠯᠤᠭᠴᠢ ᠶᠢ ᠨᠣᠲᠠᠯᠠᠵᠤ | ᠨᠡᠪᠲᠡᠷᠡᠬᠦ ᠪᠠᠨ ᠴᠢᠩᠭᠠᠳᠬᠠᠵᠤ᠂ ᠰᠣᠷᠣᠭᠴᠢ ᠡᠯᠰᠡᠬᠦ ᠨᠢᠭᠡᠴᠢ ᠠᠴᠠ ᠰᠢᠯᠭᠠᠭᠤᠯᠤᠭᠴᠢ ᠶᠢ ᠡᠯᠰᠡᠬᠦ ᠪᠠᠷ ᠪᠠᠶᠢᠭ᠎ᠠ | ᠪᠤᠶᠤ ᠬᠤᠶᠠᠳᠠᠬᠢ ᠰᠢᠯᠭᠠᠯᠲᠠ ᠬᠢᠯᠭᠡᠬᠦ ᠪᠠᠷ ᠪᠠᠶᠢᠭ᠎ᠠ ᠮᠡᠳᠡᠭᠳᠡᠯ ᠢ ᠨᠡᠶᠢᠲᠡᠯᠡᠬᠦ ᠦᠶ᠎ᠡ ᠳᠤ᠂ ᠰᠢᠯᠭᠠᠭᠤᠯᠤᠭᠴᠢ ᠶᠢᠨ | ᠰᠤᠷᠤᠯᠭ᠎ᠠ᠂ ᠠᠵᠢᠯ᠂ ᠠᠮᠠᠷᠠᠯᠲᠠ ᠶᠢᠨ ᠴᠠᠭ ᠢ ᠭᠦᠢᠴᠡᠳ ᠪᠣᠳᠣᠯᠬᠢᠯᠠᠨ ᠵᠦᠶ ᠵᠣᠬᠢᠰᠲᠠᠶ ᠲᠣᠬᠢᠷᠠᠭᠤᠯᠵᠤ᠂ | ᠰᠢᠯᠭᠠᠭᠤᠯᠤᠭᠴᠢ ᠳᠤ ᠨᠤᠲᠠᠯᠠᠬᠤ ᠴᠠᠭ ᠢ ᠭᠦᠢᠴᠡᠳ ᠦᠯᠡᠳᠡᠭᠡᠵᠦ ᠥᠭᠬᠦ ᠬᠡᠷᠡᠭᠲᠡᠶ︔ ᠲᠣᠭᠲᠠᠭᠰᠠᠨ ᠴᠠᠭ ᠲᠤ | ᠨᠣᠲᠠᠯᠠᠭᠰᠠᠨ ᠥᠬᠡᠶ ᠪᠣᠯ ᠰᠢᠯᠭᠠᠭᠤᠯᠤᠭᠴᠢ ᠲᠠᠢ ᠬᠠᠷᠢᠯᠴᠠᠵᠤ ᠨᠣᠲᠠᠯᠠᠬᠤ ᠬᠡᠷᠡᠭᠲᠡᠶ᠂ ᠬᠠᠷᠢᠨ ︽ᠬᠤᠭᠤᠴᠠᠭ᠎ᠠ | ᠬᠡᠲᠦᠷᠡᠭᠰᠡᠨ ᠪᠠᠶᠢᠲᠠᠯ᠎ᠠ ᠭᠥᠯᠢᠶᠡᠨ ᠠᠪᠬᠤ ᠥᠬᠡᠶ ᠪᠣᠯ ᠥᠪᠡᠰᠦᠪᠡᠨ ᠲᠠᠶᠠᠭᠳᠠᠭᠰᠠᠨ︾ ᠢᠶᠠᠷ ᠦᠵᠡᠨ | ᠬᠥᠩᠭᠡᠮᠰᠦᠭ ᠬᠠᠨᠳᠤᠵᠤ ᠪᠣᠯᠬᠤ ᠥᠬᠡᠶ ᠭᠡᠵᠦ ᠱᠠᠭᠠᠷᠳᠠᠪᠠ᠃ | ︽ᠲᠣᠭᠲᠠᠭᠠᠯ︾ ᠳᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠰᠣᠷᠣᠭᠴᠢ | ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠰᠣᠷᠣᠭᠴᠢ ᠡᠯᠰᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠶ᠃ ᠳᠠᠬᠢᠨ ᠰᠢᠯᠭᠠᠬᠤ ᠶᠢ ᠵᠣᠬᠢᠶᠠᠨ ᠪᠠᠶᠢᠭᠤᠯᠵᠤ ᠬᠠᠮᠢᠶᠠᠷᠬᠤ ᠶᠢ ᠴᠢᠩᠭ᠎ᠠ | ᠵᠢᠷᠤᠮᠵᠢᠭᠤᠯᠵᠤ᠂ ᠰᠣᠷᠣᠭᠴᠢ ᠡᠯᠰᠡᠬᠦ ᠨᠢᠭᠡᠴᠢ ᠨᠢ ᠳᠠᠬᠢᠨ ᠰᠢᠯᠭᠠᠬᠤ ᠠᠴᠠ ᠡᠮᠦᠨ᠎ᠡ ᠬᠥᠮᠦᠨ ᠤ ᠭᠡᠷᠡᠴᠢ ᠶᠢ | ᠢᠯᠭᠠᠨ ᠲᠠᠨᠢᠬᠤ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢᠨ ᠬᠥᠮᠥᠷᠭᠡ ᠶᠢᠨ ᠲᠤᠭ᠎ᠠ ᠪᠠᠷᠢᠮᠲᠠ ᠶᠢ | ᠬᠠᠷᠢᠴᠠᠭᠤᠯᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠠᠪᠴᠤ᠂ ᠰᠢᠯᠭᠠᠭᠤᠯᠤᠭᠴᠢ ᠶᠢᠨ ᠬᠢᠷᠢ ᠬᠡᠮ ᠢ ᠬᠢᠨᠠᠨ | ᠬᠠᠷᠭᠤᠭᠤᠯᠬᠤ ᠶᠢ ᠴᠢᠩᠭᠠᠳᠬᠠᠨ᠂ ᠳᠠᠬᠢᠨ ᠰᠢᠯᠭᠠᠬᠤ ᠬᠤᠭᠤᠴᠠᠭᠠᠨ ᠳᠤ ᠰᠢᠯᠭᠠᠭᠤᠯᠤᠭᠴᠢ ᠶᠢᠨ ᠲᠠᠰ | ᠳᠠᠷᠠᠭᠠᠯᠠᠯ ᠢ ᠲᠠᠰᠢᠷᠠᠮ ᠳᠠᠭᠠᠤ ᠰᠣᠩᠭᠤᠨ ᠲᠣᠭᠲᠠᠭᠠᠬᠤ᠂ ᠵᠢᠯᠣᠭᠤᠳᠣᠭᠴᠢ ᠪᠠᠭᠰᠢ ᠶᠢᠨ ᠳᠤᠭᠤᠶᠢᠯᠠᠩ ᠤᠨ | ᠬᠡᠰᠢᠭᠦᠨ ᠢ ᠲᠠᠰᠢᠷᠠᠮ ᠳᠠᠭᠠᠤ ᠲᠣᠭᠲᠠᠭᠠᠬᠤ᠂ ᠳᠠᠬᠢᠨ ᠰᠢᠯᠭᠠᠬᠤ ᠰᠡᠳᠦᠪ ᠢ ᠲᠠᠰᠢᠷᠠᠮ ᠳᠠᠭᠠᠤ ᠰᠤᠭᠤᠴᠢᠨ ᠠᠪᠬᠤ | ᠵᠡᠷᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠠᠷᠢᠮᠲᠠᠯᠠᠨ ᠲᠡᠭᠦᠯᠳᠡᠷᠵᠢᠭᠦᠯᠵᠦ᠂ ᠳᠠᠬᠢᠨ ᠰᠢᠯᠭᠠᠬᠤ ᠶᠠᠪᠤᠴᠠ ᠳᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠳᠣᠭᠢᠷᠠᠭᠤᠯᠬᠤ ᠶᠠᠪᠤᠴᠠ ᠶᠢᠨ ᠬᠠᠮᠢᠶᠠᠷᠤᠯᠲᠠ ᠶᠢ | ᠴᠢᠩᠭ᠎ᠠ ᠵᠢᠷᠤᠮᠵᠢᠭᠤᠯᠵᠤ᠂ ᠰᠣᠷᠣᠭᠴᠢ ᠡᠯᠰᠡᠬᠦ ᠨᠢᠭᠡᠴᠢ ᠪᠣᠶ ᠪᠥᠬᠦᠶ ᠳᠣᠭᠢᠷᠠᠭᠤᠯᠬᠤ ᠰᠣᠷᠣᠭᠴᠢ ᠶᠢ ᠭᠥᠯᠢᠶᠡᠨ | ᠠᠪᠬᠤ ᠠᠵᠢᠯ ᠢ ᠴᠥᠮ ᠰᠤᠷᠭᠠᠨ ᠬᠥᠮᠦᠵᠢᠯ ᠤᠨ ᠶᠠᠮᠤᠨ ᠤ ︽ᠪᠥᠬᠦ ᠤᠯᠤᠰ ᠤᠨ ᠰᠣᠳᠤᠯᠤᠨ ᠰᠤᠷᠤᠭᠴᠢ | ᠡᠯᠰᠡᠬᠦ ᠬᠤᠶᠠᠳᠠᠬᠢ ᠰᠢᠯᠭᠠᠯᠲᠠ ᠶᠢᠨ ᠳᠣᠭᠢᠷᠠᠭᠤᠯᠬᠤ ᠦᠢᠯᠡᠴᠢᠯᠡᠭᠡᠨ ᠤ ᠰᠢᠰᠲ᠋ᠧᠮ︾ ᠢᠶᠠᠷ ᠳᠠᠮᠵᠢᠭᠤᠯᠤᠨ | ᠪᠡᠶᠡᠯᠡᠭᠦᠯᠵᠦ᠂ ᠳᠣᠭᠢᠷᠠᠭᠤᠯᠬᠤ ᠠᠵᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠦᠨ᠂ ᠳᠣᠭᠢᠷᠠᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠳᠣᠭᠢᠷᠠᠭᠤᠯᠬᠤ | ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ︽ᠲᠣᠭᠲᠠᠭᠠᠯ︾ ᠳᠤ᠂ 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ | ᠰᠢᠯᠭᠠᠯᠲᠠ ᠶᠢᠨ ᠠᠩᠬᠠᠨ ᠤ ᠰᠢᠯᠭᠠᠯᠲᠠ ᠶᠢ 2023 ᠣᠨ ᠤ 12 ᠰᠠᠷ᠎ᠠ ᠶᠢᠨ 23- 24 ᠤ ᠡᠳᠦᠷ | ᠶᠠᠪᠤᠭᠳᠠᠭᠤᠯᠵᠤ᠂ ᠰᠢᠯᠭᠠᠯᠲᠠ ᠶᠢᠨ ᠴᠠᠭ 3 ᠴᠠᠭ ᠢ ᠬᠡᠲᠦᠷᠡᠭᠰᠡᠨ ᠪᠤᠶᠤ ᠵᠢᠷᠤᠭ ᠤᠨ ᠬᠠᠪᠲᠠᠰᠤ ᠬᠡᠷᠡᠭᠯᠡᠬᠦ ᠵᠡᠷᠭᠡ | ᠣᠨᠴᠠᠭᠠᠶ ᠱᠠᠭᠠᠷᠳᠠᠯᠭ᠎ᠠ ᠲᠠᠢ ᠴᠥᠭᠡᠨ ᠲᠣᠭᠠᠨ ᠤ ᠰᠢᠯᠭᠠᠯᠲᠠ ᠶᠢᠨ ᠬᠢᠴᠢᠶᠡᠯ ᠲᠥᠷᠥᠯ ᠢ 12 ᠰᠠᠷ᠎ᠠ ᠶᠢᠨ 25 ᠤ | ᠡᠳᠦᠷ ᠶᠠᠪᠤᠭᠳᠠᠭᠤᠯᠤᠨ᠎ᠠ᠃ ᠰᠦᠯᠵᠢᠶᠡᠨ ᠳᠤ ᠨᠡᠷ᠎ᠡ ᠮᠡᠳᠡᠭᠦᠯᠬᠦ ᠠᠵᠢᠯ ᠢ 2023 ᠣᠨ ᠤ 10 ᠳ᠋ᠤᠭᠠᠷ | ᠰᠠᠷ᠎ᠠ ᠶᠢᠨ 8-10 ᠳ᠋ᠤᠭᠠᠷ ᠰᠠᠷ᠎ᠠ ᠶᠢᠨ 25 ᠤ ᠡᠳᠦᠷ ︵ᠡᠳᠦᠷ ᠪᠦᠷᠢ ᠶᠢᠨ 9᠄ 00-22᠄ 00︶ ᠪᠣᠯᠲᠠᠯ᠎ᠠ | ᠲᠣᠬᠢᠷᠠᠭᠤᠯᠵᠤ᠂ ᠤᠷᠢᠳᠴᠢᠯᠠᠨ ᠨᠡᠷ᠎ᠡ ᠮᠡᠳᠡᠭᠦᠯᠬᠦ ᠠᠵᠢᠯ ᠢ 9 ᠳ᠋ᠦ᠋ᠭᠡᠷ ᠰᠠᠷ᠎ᠠ ᠶᠢᠨ 24-9 ᠳ᠋ᠦ᠋ᠭᠡᠷ ᠰᠠᠷ᠎ᠠ ᠶᠢᠨ | 27 ᠤ ᠡᠳᠦᠷ ︵ᠡᠳᠦᠷ ᠪᠦᠷᠢ ᠶᠢᠨ 9᠄ 00-22᠄ 00︶ ᠪᠣᠯᠲᠠᠯ᠎ᠠ ᠲᠣᠬᠢᠷᠠᠭᠤᠯᠤᠨ᠎ᠠ᠃ ᠰᠦᠯᠵᠢᠶᠡᠨ ᠳᠤ | ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠰᠦᠯᠵᠢᠶᠡᠨ ᠳᠤ ᠠᠵᠢᠯ ᠢᠶᠠᠨ ᠨᠤᠲᠠᠯᠠᠵᠤ᠂ | ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠨ᠎ᠠ᠃ ᠪᠣᠶ ᠪᠥᠬᠦᠶ | ᠰᠢᠯᠭᠠᠭᠤᠯᠤᠭᠴᠢ ᠴᠥᠮ ᠲᠣᠭᠲᠠᠭᠰᠠᠨ ᠴᠠᠭ ᠲᠤ ᠰᠦᠯᠵᠢᠶᠡᠨ ᠳᠤ ᠨᠡᠷ᠎ᠡ ᠮᠡᠳᠡᠭᠦᠯᠬᠦ ᠪᠠ ᠰᠦᠯᠵᠢᠶᠡᠨ ᠳᠤ | ᠨᠤᠲᠠᠯᠠᠬᠤ ᠳᠤ ᠣᠷᠣᠯᠴᠠᠵᠤ᠂ ᠬᠤᠭᠤᠴᠠᠭ᠎ᠠ ᠬᠡᠲᠦᠷᠡᠪᠡᠯ ᠳᠠᠭᠢᠵᠤ ᠨᠥᠬᠦᠨ ᠬᠦᠢᠴᠡᠳᠭᠡᠵᠦ ᠪᠣᠯᠬᠤ ᠥᠬᠡᠶ᠃ | ᠥᠷᠭᠡᠨ ᠣᠯᠠᠨ ᠰᠢᠯᠭᠠᠭᠤᠯᠤᠭᠴᠢ ᠶᠢ ᠬᠠᠪᠰᠤᠷᠤᠨ ᠰᠣᠳᠤᠯᠤᠨ ᠰᠤᠷᠤᠭᠴᠢ ᠡᠯᠰᠡᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠨᠣᠪᠴᠢᠲᠠᠶ ᠣᠶᠢᠯᠠᠭᠠᠭᠤᠯᠬᠤ ᠶᠢᠨ ᠲᠥᠯᠥᠭᠡ᠂ ︽ᠳᠤᠮᠳᠠᠳᠤ | ᠤᠯᠤᠰ ᠤᠨ ᠰᠤᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ︵https://yz.chsi. | com.cn︶ 2023 ᠣᠨ ᠤ 9 ᠰᠠᠷ᠎ᠠ ᠶᠢᠨ 18-22 ᠤᠨ ᠡᠳᠦᠷ ︽2024 ᠣᠨ ᠤ ᠪᠥᠬᠦ ᠤᠯᠤᠰ ᠤᠨ | ᠰᠤᠳᠤᠯᠤᠨ ᠰᠤᠷᠤᠭᠴᠢ ᠡᠯᠰᠡᠬᠦ ᠤᠬᠠᠭᠤᠯᠭ᠎ᠠ ᠶᠢᠨ ᠵᠥᠪᠯᠡᠯᠭᠡ ᠥᠭᠬᠦ ᠭᠠᠷᠠᠭ︾ ᠵᠡᠷᠭᠡ ᠠᠵᠢᠯᠯᠠᠭ᠎ᠠ ᠶᠢ | ᠥᠷᠨᠢᠭᠦᠯᠵᠦ᠂ ᠪᠣᠶ ᠪᠥᠬᠦᠶ ᠰᠣᠳᠤᠯᠤᠨ ᠰᠤᠷᠤᠭᠴᠢ ᠡᠯᠰᠡᠬᠦ ᠨᠢᠭᠡᠴᠢ ᠰᠦᠯᠵᠢᠶᠡᠨ ᠳᠤ ᠰᠢᠯᠭᠠᠭᠤᠯᠤᠭᠴᠢ ᠶᠢᠨ | ᠠᠰᠠᠭᠤᠯᠲᠠ ᠶᠢ ᠬᠠᠷᠢᠭᠤᠯᠵᠤ ᠮᠠᠳᠠᠭ ᠢ ᠲᠠᠶᠢᠯᠤᠨ᠎ᠠ᠃ | |