ᠣᠶᠢᠷ᠎ᠠ ᠶᠢᠨ ᠡᠳᠦᠷ ᠤᠳ ᠲᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠢᠨ ᠰᠦᠯᠵᠢᠶ᠎ᠡ ᠪᠠᠷ ᠪᠤᠷᠤᠯᠠᠭᠤᠯᠵᠦ ᠪᠠᠶᠢᠭ᠎ᠠ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠢ | ᠪᠠᠶᠢᠴᠠᠭᠠᠬᠤ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠤᠷᠢᠳ | ᠬᠤᠵᠢᠳ ᠽᠧ ᠴᠢᠶᠠᠩ ᠡᠮ ᠤᠨ ᠦᠢᠯᠡᠰ᠂ ᠯᠢ ᠴᠢᠶᠦ᠋ᠨ ᠡᠮ ᠤᠨ ᠦᠢᠯᠡᠰ᠂ ᠬᠤᠸᠠ ᠶᠤᠸᠠᠨ ᠺᠠᠩ ᠡᠮ | ᠡᠮᠨᠡᠯᠭᠡ ᠶᠢᠨ ᠬᠤᠯᠪᠤᠭᠠᠳᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠰᠦᠯᠵᠢᠶᠡᠨ ᠳᠡᠭᠡᠷ᠎ᠡ ᠡᠮ ᠪᠤᠷᠤᠯᠠᠭᠤᠯᠵᠦ | ᠪᠠᠶᠢᠭ᠎ᠠ ᠡᠵᠡᠩᠨᠡᠯᠲᠡ ᠶᠢᠨ ᠠᠵᠤ ᠠᠬᠤᠶᠢᠯᠠᠯ ᠳᠤ ᠬᠦᠷᠴᠦ᠂ ᠡᠮ ᠤᠨ ᠵᠦᠢᠯ ᠤᠨ ᠶᠠᠰᠤ ᠴᠢᠨᠠᠷ ᠤᠨ ᠠᠮᠤᠷ | ᠲᠦᠪᠰᠢᠨ᠂ ᠲᠦᠭᠰᠢᠭᠦᠷᠢ ᠶᠢ ᠡᠵᠡᠮᠳᠡᠬᠦ᠂ ᠵᠣᠷ ᠤᠨ ᠡᠮ ᠤᠨ ᠬᠠᠮᠢᠶᠠᠷᠤᠯᠲᠠ ᠵᠡᠷᠭᠡ ᠳᠦᠷᠢᠮ ᠢ ᠪᠠᠶᠢᠭᠤᠯᠤᠨ | ᠬᠡᠷᠡᠭᠵᠢᠭᠦᠯᠦᠭᠰᠡᠨ ᠡᠰᠡᠬᠦ᠂ ᠰᠦᠯᠵᠢᠶ᠎ᠡ ᠪᠠᠷ ᠪᠣᠷᠣᠯᠠᠭᠤᠯᠬᠤ ᠨᠢᠭᠤᠷ ᠲᠤ ᠡᠮ ᠤᠨ ᠵᠦᠢᠯ ᠢ ᠡᠵᠡᠩᠨᠡᠬᠦ | ᠵᠥᠪᠰᠢᠶᠡᠷᠡᠯ ᠤᠨ ᠦᠨᠡᠮᠯᠡᠯ᠂ ᠠᠵᠢᠯ ᠡᠷᠬᠢᠯᠡᠭᠰᠡᠨ ᠡᠮ ᠨᠠᠶᠢᠷᠠᠭᠴᠢ ᠶᠢᠨ ᠳᠠᠩᠰᠠᠯᠠᠭᠤᠯᠤᠭᠰᠠᠨ ᠦᠨᠡᠮᠯᠡᠯ ᠢᠶᠠᠨ ᠢᠯᠡ | ᠪᠤᠯᠭᠠᠭᠰᠠᠨ ᠡᠰᠡᠬᠦ᠂ ᠵᠣᠷ ᠤᠨ ᠡᠮ ᠪᠣᠯᠣᠨ ᠵᠣᠷ ᠤᠨ ᠪᠤᠰᠤ ᠡᠮ ᠢ ᠣᠷᠣᠨ ᠬᠤᠪᠢᠶᠠᠨ ᠳᠡᠯᠭᠡᠨ ᠦᠵᠡᠭᠦᠯᠦᠭᠰᠡᠨ | ᠡᠰᠡᠬᠦ᠂ ᠵᠣᠷ ᠤᠨ ᠡᠮ ᠢ ᠵᠣᠷ ᠢᠶᠠᠷ ᠨᠢ ᠪᠣᠷᠣᠯᠠᠭᠤᠯᠤᠭᠰᠠᠨ ᠡᠰᠡᠬᠦ᠂ ᠡᠮ ᠤᠨ ᠵᠦᠢᠯ ᠢ ᠰᠦᠯᠵᠢᠶ᠎ᠡ ᠪᠠᠷ | ᠪᠣᠷᠣᠯᠠᠭᠤᠯᠬᠤ ᠠᠵᠤ ᠠᠬᠤᠶᠢᠯᠠᠯ ᠤᠨ ᠬᠠᠳᠠᠭᠠᠯᠠᠵᠤ ᠵᠥᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ ᠨᠢ | ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠡ᠃ | | | |