ᠵᠠᠷᠤᠳ ᠬᠤᠰᠢᠭᠤ ᠨᠢᠭᠲᠠᠷᠠᠭᠰᠠᠨ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠪᠠᠶᠢᠭᠤᠯᠪᠠ
ᠨᠡᠶᠢᠲᠡᠯᠡᠭᠰᠡᠨ ᠴᠠᠭ᠄
2023/11/21
     ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠵᠠᠷᠤᠳ ᠬᠤᠰᠢᠭᠤ ᠨᠢᠭᠲᠠᠷᠠᠭᠰᠠᠨ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠫᠠᠶᠢᠰᠠ ᠡᠯᠭᠦᠨ ᠪᠠᠶᠢᠭᠤᠯᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ ᠪᠣᠯᠣᠨ ᠬᠤᠰᠢᠭᠤᠨ ᠤ ᠡᠯ᠎ᠡ ᠰᠢᠭᠤᠳ ᠬᠠᠷᠢᠶ᠎ᠠ ᠡᠮᠴᠢᠯᠡᠭᠡᠨ ᠤ ᠨᠢᠭᠡᠴᠡ ᠶᠢᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃    ᠶᠣᠰᠣᠯᠠᠯ ᠳᠤ᠂ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠡᠮ ᠡᠮᠨᠡᠯᠭᠡ ᠶᠢᠨ ᠥᠭᠡᠷᠡᠴᠢᠯᠡᠯᠲᠡ ᠶᠢᠨ ᠡᠭᠦᠷᠭᠡ ᠪᠣᠯᠣᠨ᠎ᠠ᠂ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠡᠬᠢ ᠪᠠᠶᠠᠯᠢᠭ ᠢ ᠲᠡᠩᠴᠡᠭᠦᠷᠢᠲᠡᠢ ᠪᠠᠶᠢᠷᠢᠰᠢᠭᠤᠯᠬᠤ ᠪᠠ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠦᠨ ᠠᠬᠢᠭᠤᠯᠵᠤ᠂ ᠠᠷᠠᠳ ᠤᠯᠠᠨ ᠤ ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠣᠨ᠎ᠠ᠃ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠪᠣᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠬᠡᠭᠰᠡᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ 26 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠯᠦᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠪᠠᠶᠢᠭᠤᠯᠤᠭᠰᠠᠨ ᠨᠢᠭᠡᠨ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠪᠣᠯᠣᠨ᠎ᠠ᠃ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠬᠢᠨ ᠡᠨᠡ ᠤᠳᠠᠭ᠎ᠠ ᠶᠢᠨ ᠫᠠᠶᠢᠰᠠ ᠰᠡᠬᠦᠬᠦ ᠶᠣᠰᠣᠯᠠᠯ ᠢᠶᠠᠷ ᠰᠢᠨ᠎ᠡ ᠭᠠᠷᠤᠭ᠎ᠠ ᠪᠣᠯᠭᠠᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠢᠭᠲᠠᠷᠠᠭᠰᠠᠨ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠮ ᠡᠮᠨᠡᠯᠭᠡ ᠶᠢᠨ ᠡᠬᠢ ᠪᠠᠶᠠᠯᠢᠭ ᠪᠡᠯᠡ ᠮᠥᠩᠭᠦ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ ᠪᠣᠯᠭᠠᠵᠤ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯᠯᠠᠭᠠᠨ ᠤ ᠬᠥᠭᠵᠢᠯᠲᠡ ᠶᠢᠨ ᠰᠢᠨ᠎ᠡ ᠰᠡᠳᠬᠢᠴᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠠᠵᠢᠯᠯᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠦᠨᠡᠨᠬᠦ ᠪᠡᠶᠡᠯᠡᠭᠦᠯᠵᠦ᠂ ᠡᠮ ᠡᠮᠨᠡᠯᠭᠡ ᠶᠢᠨ ᠬᠠᠮᠲᠤ ᠶᠢᠨ  ᠴᠣᠭᠴᠠ ᠶᠢᠨ ᠳᠣᠲᠣᠭᠠᠳᠤ ᠶᠢᠨ ᠵᠠᠰᠠᠭ ᠵᠠᠬᠢᠷᠭ᠎ᠠ᠂ ᠠᠵᠢᠯᠲᠠᠨ᠂ ᠲᠤᠬᠠᠶᠢᠯᠠᠭᠰᠠᠨ ᠠᠵᠢᠯ᠂ ᠡᠮ ᠤᠨ ᠵᠦᠢᠯ᠂ ᠡᠳ᠋ ᠤᠨ ᠶᠠᠪᠤᠳᠠᠯ᠂ ᠠᠵᠢᠯ ᠤᠨ ᠦᠷ᠎ᠡ ᠪᠦᠲᠦᠮᠵᠢ ᠵᠡᠷᠭᠡ ᠲᠠᠯ᠎ᠠ ᠶᠢᠨ ᠨᠢᠭᠡᠳᠦᠯᠲᠡᠢ ᠬᠠᠮᠢᠶᠠᠷᠤᠯᠲᠠ ᠶᠢᠨ ᠵᠠᠭᠪᠤᠷ ᠢ ᠠᠬᠢᠭᠤᠯᠵᠤ᠂ ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠪᠠ ᠰᠢᠯᠢᠳᠡᠭ ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠭᠵᠢᠯᠲᠡ ᠶᠢ ᠱᠠᠲᠤ ᠱᠠᠲᠤ ᠪᠠᠷ ᠬᠠᠪᠰᠤᠷᠤᠨ ᠲᠡᠳᠬᠦᠵᠦ ᠳᠠᠶᠢᠴᠢᠯᠠᠬᠤ ᠵᠣᠷᠢᠯᠭ᠎ᠠ ᠳᠤ ᠬᠦᠷᠴᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ︽ᠪᠠᠭ᠎ᠠ ᠡᠪᠡᠳᠴᠢᠨ ᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠨᠡᠭᠦᠯᠵᠦ᠂ ᠬᠦᠨᠳᠦ ᠡᠪᠡᠳᠴᠢᠨ ᠢ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠡᠮᠨᠡᠭᠦᠯᠬᠦ︾ ᠥᠭᠡᠷᠡᠴᠢᠯᠡᠯᠲᠡ ᠶᠢᠨ ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠪᠣᠷᠢᠯᠠᠪᠠ᠃     ᠣᠶᠢᠯᠠᠭᠠᠭᠰᠠᠨ ᠢᠶᠠᠷ᠂ ᠲᠤᠰ ᠤᠳᠠᠭᠠᠨ ᠤ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠫᠠᠶᠢᠰᠠ ᠡᠯᠭᠦᠨ ᠪᠠᠶᠢᠭᠤᠯᠣᠭᠳᠠᠭᠰᠠᠨ ᠨᠢ᠂ ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠴᠤ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠰᠢᠶᠠᠨ ᠤ ᠬᠡᠪᠴᠢᠶᠡᠨ ᠤ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ᠂ ᠮᠡᠷᠭᠡᠵᠢᠯ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ  ᠪᠠᠷ ᠴᠢᠨᠠᠷ ᠤᠨ ᠦᠰᠦᠷᠦᠯᠲᠡ ᠶᠢ ᠪᠡᠶᠡᠯᠡᠭᠦᠯᠵᠦ᠂ ᠪᠠᠰᠠ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠣᠷᠭᠠᠨᠢᠭ ᠢᠶᠠᠷ ᠵᠣᠯᠭᠠᠯᠳᠤᠭᠤᠯᠬᠤ᠂ ᠡᠮᠬᠢ ᠵᠢᠷᠤᠮ ᠲᠠᠢ ᠪᠠᠷ ᠬᠤᠯᠪᠣᠯᠳᠤᠭᠤᠯᠬᠤ᠂ ᠪᠦᠲᠦᠮᠵᠢᠲᠡᠶ ᠪᠠᠷ ᠨᠡᠪᠲᠡᠷᠡᠯᠴᠡᠭᠦᠯᠬᠦ ᠶᠢ ᠠᠬᠢᠭᠤᠯᠵᠤ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠬᠥᠭᠵᠢᠯᠲᠡ ᠶᠢᠨ ᠰᠠᠭᠤᠷᠢ ᠶᠢ ᠵᠤᠵᠠᠭᠠᠳᠬᠠᠵᠤ᠂ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠡᠷᠡᠭᠦᠯ ᠮᠡᠨᠳᠦ ᠵᠠᠷᠣᠳ ᠤᠨ ᠪᠦᠲᠦᠭᠡᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠵᠤ ᠪᠣᠯᠣᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号