| 11 ᠰᠠᠷ᠎ᠠ ᠶᠢᠨ 21 ᠤ ᠡᠳᠦᠷ᠂ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ 66 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ | ᠬᠤᠰᠢᠭᠤᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 | ᠣᠨ ᠤ ᠠᠩᠬᠠᠳᠤᠭᠠᠷ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ | ᠡᠷᠭᠢᠯᠡᠵᠦ᠂ ᠪᠦᠦ ᠸᠧᠨ ᠯᠠᠨ᠂ ᠦ᠋ ᠴᠢᠩ ᠬᠠᠢ᠂ ᠯᠢᠦ ᠶᠦᠩ᠂ ᠶᠠᠩ ᠽᠢ ᠴᠢᠶᠠᠩ ᠵᠡᠷᠭᠡ ᠳᠡᠳ᠋ ᠭᠠᠵᠠᠷ ᠤᠨ ᠲᠠᠰ | ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠂ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ | ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠬᠤᠷᠠᠯ ᠠᠴᠠ᠂ ᠲᠥᠷᠥ ᠶᠢᠨ ᠪᠣᠳᠣᠯᠭ᠎ᠠ ᠪᠠᠷ ᠴᠢᠳᠠᠪᠤᠷᠢᠲᠠᠨ ᠢ ᠲᠠᠲᠠᠵᠤ ᠴᠢᠳᠠᠪᠤᠷᠢᠲᠠᠨ ᠢ ᠬᠡᠷᠡᠭᠯᠡᠬᠦ ᠠᠵᠢᠯ ᠢ | ᠰᠠᠶᠢᠲᠤᠷ ᠠᠳᠬᠤᠵᠤ᠂ ᠨᠡᠩ ᠢᠯᠡᠭᠦᠦ ᠲᠠᠲᠠᠬᠤ ᠬᠦᠴᠦᠨ ᠪᠠ ᠥᠷᠢᠰᠦᠯᠳᠦᠬᠦ ᠬᠦᠴᠦᠨ ᠲᠠᠢ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠬᠡᠷᠡᠭᠯᠡᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠠᠴᠠ ᠭᠠᠷᠳᠠᠵᠤ᠂ | ᠴᠢᠳᠠᠪᠤᠷᠢᠲᠠᠨ ᠢ ᠦᠨᠡᠯᠡᠬᠦ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠴᠢᠳᠠᠪᠤᠷᠢᠲᠠᠨ ᠢ ᠬᠥᠲᠥᠯᠥᠨ | ᠵᠢᠯᠤᠭᠤᠳᠴᠤ ᠦᠨᠳᠦᠰᠦᠨ ᠱᠠᠲᠤᠨ ᠳᠤ ᠲᠡᠰᠢ ᠰᠢᠯᠵᠢᠭᠦᠯᠬᠦ ᠵᠡᠷᠭᠡ ᠲᠠᠯ᠎ᠠ ᠪᠠᠷ ᠰᠢᠨ᠎ᠡ ᠲᠦᠷᠦ ᠶᠢᠨ ᠪᠣᠳᠣᠯᠭ᠎ᠠ | ᠲᠣᠭᠲᠠᠭᠠᠬᠤ ᠶᠢ ᠰᠦᠪᠡᠭᠴᠢᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠣᠶᠢᠵᠢᠭᠤᠯᠬᠤ᠂ ᠬᠠᠮᠢᠶᠠᠷᠬᠤ᠂ | ᠬᠢᠨᠠᠨ ᠰᠢᠯᠭᠠᠬᠤ᠂ ᠦᠨᠡᠯᠡᠬᠦ᠂ ᠤᠷᠮᠠᠰᠢᠭᠤᠯᠬᠤ ᠶᠢ ᠬᠠᠮᠤᠷᠤᠭᠰᠠᠨ ᠪᠦᠬᠦ ᠬᠡᠯᠬᠢᠶ᠎ᠡ ᠶᠢᠨ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠪᠤᠢ ᠪᠣᠯᠭᠠᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ᠂ ᠵᠠᠯᠠᠭᠤ ᠴᠢᠳᠠᠪᠤᠷᠢᠲᠠᠨ᠂ | ᠢᠨᠵᠧᠨᠧᠷ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠴᠤᠭᠯᠠᠷᠠᠭᠤᠯᠵᠤ᠂ ᠰᠢᠯᠢᠳᠡᠭ ᠴᠢᠳᠠᠪᠤᠷᠢᠲᠠᠨ ᠤ ᠲᠤᠰ ᠪᠡᠶ᠎ᠡ ᠶᠢᠨ ᠴᠢᠳᠠᠪᠤᠷᠢ ᠶᠢ ᠨᠢ ᠪᠠᠳᠠᠷᠠᠭᠤᠯᠵᠤ᠂ ᠦᠷᠳᠡᠭ ᠢ ᠨᠢ | ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠺᠠᠳ᠋ᠷᠴᠤᠳ ᠰᠤᠷᠤᠯᠴᠠᠯᠭ᠎ᠠ ᠪᠠᠨ ᠴᠢᠩᠭᠠᠳᠬᠠᠵᠤ᠂ ᠥᠪᠡᠷ ᠤᠨ | ᠮᠡᠳᠡᠯᠭᠡ ᠶᠢᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠦᠵᠡᠯ ᠰᠠᠨᠠᠭ᠎ᠠ᠂ ᠴᠢᠳᠠᠪᠤᠷᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ | ᠬᠤᠷᠢᠶᠠᠨ ᠤ ᠱᠠᠭᠠᠷᠳᠠᠯᠭ᠎ᠠ ᠶᠢ ᠳᠠᠭᠠᠵᠤ ᠠᠮᠵᠢᠬᠤ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠢ ᠳᠠᠭᠠᠵᠤ | ᠠᠮᠵᠢᠬᠤ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ ᠠᠮᠵᠢᠬᠤ ᠬᠡᠷᠡᠭᠲᠡᠢ᠃ ᠲᠠᠪᠴᠠᠩ ᠢᠶᠠᠷ | ᠴᠢᠳᠠᠪᠤᠷᠢᠲᠠᠨ ᠢ ᠴᠤᠭᠯᠠᠭᠤᠯᠤᠨ ᠴᠢᠳᠠᠪᠤᠷᠢᠲᠠᠨ ᠢ ᠬᠥᠮᠥᠵᠢᠭᠦᠯᠬᠦ ᠶᠢ ᠰᠠᠶᠢᠲᠤᠷ ᠠᠳᠬᠤᠵᠤ᠂ ᠠᠵᠤ ᠦᠢᠯᠡᠰ ᠤᠨ | ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ | ᠴᠢᠳᠠᠪᠤᠷᠢᠲᠠᠨ ᠤ ᠬᠥᠭᠵᠢᠯᠲᠡ ᠶᠢᠨ ᠲᠠᠪᠴᠠᠩ ᠢ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ | ᠬᠡᠷᠡᠭᠲᠡᠢ᠃ ᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠯ᠎ᠡ | ᠲᠠᠯ᠎ᠠ ᠶᠢᠨ ᠴᠢᠳᠠᠪᠤᠷᠢᠲᠠᠨ ᠢ ᠪᠠᠭᠲᠠᠭᠠᠬᠤ᠂ ᠰᠢᠩᠭᠡᠬᠡᠨ ᠠᠪᠬᠤ᠂ ᠨᠢᠭᠲᠠᠷᠠᠭᠤᠯᠬᠤ ᠳᠠᠭᠠᠨ ᠴᠢᠳᠠᠮᠠᠭᠠᠢ ᠪᠠᠶᠢᠵᠤ᠂ | ᠲᠦᠷᠦ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ ᠵᠡᠷᠭᠡ ᠲᠠᠯ᠎ᠠ ᠪᠠᠷ | ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠠᠰᠢᠭᠲᠠᠢ ᠨᠥᠬᠦᠴᠡᠯ ᠪᠠ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ᠂ ︽ᠴᠢᠳᠠᠪᠤᠷᠢᠲᠠᠨ ᠢᠶᠠᠷ ᠬᠤᠰᠢᠭᠤ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠦᠬᠦ | ᠬᠡᠯᠬᠢᠶ ᠶᠢᠨ ᠴᠢᠳᠠᠪᠤᠷᠢᠲᠠᠨ ᠢ ᠬᠥᠮᠥᠵᠢᠭᠦᠯᠬᠦ᠂ ᠪᠦᠬᠦ ᠬᠠᠷᠠᠭᠠᠰᠤ ᠪᠠᠷ ᠴᠢᠳᠠᠪᠤᠷᠢᠲᠠᠨ ᠢ ᠲᠠᠲᠠᠬᠤ᠂ ᠪᠦᠬᠦ ᠲᠠᠯ᠎ᠠ ᠪᠠᠷ | ᠴᠢᠳᠠᠪᠤᠷᠢᠲᠠᠨ ᠢ ᠬᠡᠷᠡᠭᠯᠡᠬᠦ ᠬᠥᠭᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠮᠢᠵᠢᠷᠠᠯ ᠤᠨ | ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠴᠢᠯᠦᠭᠡᠯᠡᠨ ᠬᠦᠭᠵᠢᠭᠦᠯᠬᠦ ᠬᠡᠷᠡᠭᠲᠡᠢ᠃ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠭᠤᠣᠯᠯᠠᠭᠤᠯᠤᠨ᠂ ᠴᠢᠳᠠᠪᠤᠷᠢᠲᠠᠨ ᠤ ᠬᠥᠭᠵᠢᠯᠲᠡ ᠶᠢᠨ ᠳᠤᠮᠳᠠᠬᠢ | ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠳᠦᠷᠢᠮ ᠢ ᠰᠠᠶᠢᠲᠤᠷ | ᠨᠠᠶᠢᠳᠠᠪᠤᠷᠢᠵᠢᠭᠤᠯᠵᠤ᠂ ᠪᠠᠶᠢᠩᠭᠤᠵᠢᠭᠤᠯᠤᠨ ᠪᠠᠷᠢᠮᠲᠠᠯᠠᠬᠤ ᠶᠢ ᠪᠡᠶᠡᠯᠡᠭᠦᠯᠬᠦ ᠬᠡᠷᠡᠭᠲᠡᠢ᠃ ᠴᠢᠳᠠᠪᠤᠷᠢᠲᠠᠨ ᠤ ᠠᠵᠢᠯ ᠢ | ᠪᠦᠬᠦ ᠲᠠᠯ᠎ᠠ ᠶᠢᠨ ᠠᠵᠢᠯ ᠤᠨ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠳᠠᠪᠤᠷᠢᠲᠠᠨ ᠤ ᠠᠵᠢᠯ ᠳᠠᠬᠢ ᠨᠠᠮ ᠤᠨ | ᠬᠤᠷᠢᠶᠠᠨ ᠤ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠲᠤᠰ ᠬᠦᠷᠢᠶ᠎ᠡ᠂ ᠲᠤᠰ ᠰᠠᠯᠠᠭ᠎ᠠ | ᠮᠥᠴᠢᠷ ᠤᠨ ᠢᠶᠠᠨ ᠴᠢᠳᠠᠪᠤᠷᠢᠲᠠᠨ ᠤ ᠠᠵᠢᠯ ᠤᠨ ᠲᠤᠰᠬᠠᠢ ᠬᠠᠷᠢᠭᠤ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠴᠤ᠂ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ | ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠴᠢᠳᠠᠪᠤᠷᠢᠲᠠᠨ ᠤ ᠠᠵᠢᠯ ᠤᠨ ᠪᠦᠬᠦ ᠶᠠᠪᠤᠴᠠ ᠪᠠ ᠡᠯ᠎ᠡ | ᠵᠠᠩᠭᠢᠯᠠᠭ᠎ᠠ ᠳᠤ ᠲᠤᠤᠱᠯᠠᠭᠤᠯᠬᠤ ᠬᠡᠷᠡᠭᠲᠡᠢ᠃ ᠪᠦᠭᠦ ᠬᠤᠰᠢᠭᠤᠨ ᠢᠶᠠᠷ ᠨᠢᠭᠡ ᠬᠥᠯᠭᠡ ᠰᠢᠲᠠᠷ᠎ᠠ ᠮᠡᠲᠦ ᠪᠠᠶᠢᠬᠤ | ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠦᠯᠬᠦᠮᠳᠡᠨ ᠬᠠᠮᠵᠢᠯᠴᠠᠵᠤ᠂ ᠨᠢᠭᠲᠠ ᠬᠠᠮᠵᠢᠯᠴᠠᠵᠤ᠂ ᠴᠤᠭᠭᠠᠷ | ᠠᠳᠬᠤᠨ ᠬᠠᠮᠲᠤ ᠪᠠᠷ ᠬᠠᠮᠢᠶᠠᠷᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠴᠢᠷᠮᠠᠶᠢᠨ ᠪᠤᠢ ᠪᠣᠯᠭᠠᠬᠤ | ᠬᠡᠷᠡᠭᠲᠡᠢ᠃ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠦᠪᠡᠷ ᠦᠪᠡᠷ ᠤᠨ | ᠦᠢᠯᠡᠳᠦᠯ ᠢᠶᠠᠨ ᠪᠠᠳᠠᠷᠠᠭᠤᠯᠤᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ | ᠰᠠᠶᠢᠲᠤᠷ ᠠᠳᠬᠤᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠲᠦᠷᠦᠭᠦᠯᠡᠨ ᠶᠡᠷᠦᠩᠬᠡᠶᠢᠯᠡᠨ ᠠᠳᠬᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠦᠪᠡᠷ ᠦᠪᠡᠷ ᠤᠨ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ᠂ ᠨᠢᠭᠲᠠ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ | ᠬᠥᠳᠡᠯᠦᠯᠴᠡᠭᠰᠡᠨ᠂ ᠵᠣᠬᠢᠴᠠᠩᠭᠤᠢ ᠪᠥᠭᠡᠳ ᠥᠨᠳᠥᠷ ᠪᠦᠲᠦᠮᠵᠢᠲᠡᠶ᠂ ᠪᠦᠬᠦᠯᠢ ᠴᠣᠭᠴᠠ ᠪᠠᠷ ᠠᠬᠢᠭᠤᠯᠤᠭᠰᠠᠨ | ᠴᠢᠳᠠᠪᠤᠷᠢᠲᠠᠨ ᠤ ᠠᠵᠢᠯ ᠤᠨ ᠠᠵᠢᠯᠯᠠᠭᠠᠨ ᠤ ᠲᠣᠭᠲᠠᠴᠠ ᠶᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠨᠠᠮ ᠤᠨ | ᠦᠵᠡᠯ ᠰᠠᠨᠠᠭ᠎ᠠ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠣᠨ ᠤᠯᠠᠨ | ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ | ᠵᠠᠷᠣᠳ ᠲᠤ ᠦᠨᠳᠦᠰᠦᠯᠡᠭᠦᠯᠵᠦ᠂ ᠵᠠᠷᠣᠳ ᠲᠤ ᠬᠤᠪᠢ ᠨᠡᠮᠡᠷᠢ ᠦᠵᠡᠭᠦᠯᠵᠦ᠂ ᠴᠢᠳᠠᠪᠤᠷᠢᠲᠠᠨ ᠤ ᠠᠵᠢᠯ ᠤᠨ ᠰᠢᠨ᠎ᠡ | ᠰᠢᠪᠲᠤᠯᠤᠯᠲᠠ ᠲᠠᠢ ᠪᠣᠯᠬᠤ ᠶᠢ ᠪᠠᠲᠤᠯᠠᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠪᠣᠯᠣᠨ ᠤᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠪᠠᠰᠠ ︽ᠤᠳᠤᠷᠢᠳᠬᠤ ᠺᠠᠳ᠋ᠷᠴᠤᠳ ᠤᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠲᠠᠢ | ᠬᠠᠷᠢᠯᠴᠠᠬᠤ ᠪᠠ ᠲᠡᠳᠡᠨ ᠳᠤ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ | ᠢ ᠰᠤᠳᠤᠯᠤᠨ ᠬᠢᠨᠠᠨ ᠶᠠᠷᠢᠯᠴᠠᠪᠠ᠃ | | | |