| 11 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠬᠤᠰᠢᠭᠤᠨ ᠤ ᠮᠣᠩᠭᠤᠯ ᠦᠨᠳᠦᠰᠦᠲᠡᠨ ᠤ | ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠪᠠ | ᠃ ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃ | | | ᠶᠠᠩ ᠽᠢ ᠴᠢᠶᠠᠩ ᠬᠠᠮᠲᠤ ᠶᠠᠪᠣᠭᠰᠠᠳ ᠲᠠᠢ ᠪᠠᠨ ᠰᠤᠷᠭᠠᠭᠤᠯᠢ ᠶᠢᠨ ᠬᠤᠭᠤᠯᠠᠨ ᠭᠡᠷ ᠤᠨ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯᠯᠠᠭᠠᠨ ᠤ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ | ᠢᠳᠡᠭᠡᠨ ᠤ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠪᠠᠲᠤᠯᠠᠭ᠎ᠠ᠂ ᠡᠳ᠋ᠰᠢᠭᠦᠯᠬᠦ ᠶᠠᠪᠤᠴᠠ᠂ ᠢᠳᠡᠭᠡᠨ ᠤ ᠶᠠᠩᠵᠤ | ᠦᠯᠡᠳᠡᠭᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ | ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠪᠠ᠃ | | | ᠬᠢᠨᠠᠨ ᠪᠠᠶᠢᠴᠠᠭᠠᠬᠤ ᠬᠤᠭᠤᠴᠠᠭᠠᠨ ᠳᠤ᠂ ᠶᠠᠩ ᠽᠢ ᠴᠢᠶᠠᠩ ᠬᠤᠭᠤᠯᠠ ᠢᠳᠡᠵᠦ ᠪᠠᠶᠢᠭᠰᠠᠨ ᠰᠤᠷᠤᠭᠴᠢᠳ ᠲᠠᠢ | ᠳᠣᠲᠣᠨᠣ ᠪᠠᠷ ᠶᠠᠷᠢᠯᠴᠠᠪᠠ᠃ ︽ᠴᠠᠳᠲᠠᠯ᠎ᠠ ᠢᠳᠡᠵᠦ ᠪᠠᠶᠢᠨ᠎ᠠ ᠤᠤ︖ ᠬᠤᠭᠤᠯᠠ ᠪᠤᠳᠠᠭ᠎ᠠ ᠠᠮᠲᠠᠨ ᠪᠠᠷ ᠶᠠᠮᠠᠷ ᠪᠤᠢ | ︖ ᠤᠯᠠᠭᠠᠨ ᠴᠠᠭᠠᠨ ᠢᠳᠡᠭᠡᠨ ᠢ ᠲᠡᠩᠴᠡᠭᠦᠯᠦᠭᠰᠡᠨ ᠨᠢ ᠵᠣᠬᠢᠰᠲᠠᠢ ᠤᠤ︖︾ ᠭᠡᠵᠦ ᠠᠰᠠᠭᠤᠪᠠ᠃ ᠶᠠᠩ ᠽᠢ | ᠴᠢᠶᠠᠩ ᠰᠤᠷᠤᠭᠴᠢᠳ ᠤᠨ ᠬᠤᠭᠤᠯᠠᠨ ᠭᠡᠷ ᠤᠨ ᠬᠤᠭᠤᠯᠠ ᠪᠤᠳᠠᠭᠠᠨ ᠤ ᠲᠥᠷᠥᠯ ᠵᠦᠢᠯ᠂ ᠠᠮᠲᠠ ᠰᠢᠮᠲᠡ᠂ ᠴᠢᠨᠠᠷ | ᠴᠢᠨᠰᠠᠭ᠎ᠠ ᠵᠡᠷᠭᠡ ᠣᠯᠠᠨ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠤᠭᠰᠠᠨ ᠪᠥᠭᠡᠳ ᠬᠠᠮᠲᠤ | ᠰᠤᠷᠤᠭᠴᠢᠳ ᠢᠶᠠᠨ ᠴᠠᠳᠲᠠᠯ᠎ᠠ ᠢᠳᠡᠵᠦ᠂ ᠰᠠᠶᠢᠨ ᠢᠳᠡᠬᠦ ᠶᠢᠨ ᠬᠠᠮᠲᠤ ᠰᠢᠷᠭᠠᠭᠤ ᠬᠠᠲᠠᠭᠤᠵᠢᠯᠲᠠᠢ ᠴᠢᠷᠮᠠᠶᠢᠨ | ᠰᠤᠷᠤᠯᠴᠠᠬᠤ ᠬᠡᠷᠡᠭᠲᠡᠢ ᠭᠡᠵᠦ ᠵᠠᠬᠢᠪᠠ᠃ | ᠶᠠᠩ ᠽᠢ ᠴᠢᠶᠠᠩ ᠵᠢᠭᠠᠪᠣᠷᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯ | ᠢᠳᠡᠭᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠠᠴᠠ ᠴᠢᠬᠤᠯᠠ ᠵᠦᠢᠯ ᠮᠦᠨ᠂ ᠪᠠᠭᠰᠢ ᠰᠤᠷᠤᠭᠴᠢᠳ ᠤᠨ | ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠨᠡᠶᠢᠭᠡᠮ ᠤᠨ | ᠠᠮᠤᠷ ᠲᠣᠭᠲᠠᠭᠤᠨ ᠪᠠ ᠡᠶ᠎ᠡ ᠵᠣᠬᠢᠴᠠᠯ ᠲᠠᠢ ᠬᠤᠯᠪᠣᠭᠳᠠᠵᠤ ᠪᠠᠶᠢᠳᠠᠭ᠃ ᠢᠳᠡᠭᠡᠨ ᠤ ᠠᠮᠤᠷ ᠲᠦᠪᠰᠢᠨ ᠤ ᠡᠨᠡᠬᠦ | ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠲᠠᠰᠤᠷᠠᠯᠳᠡ ᠦᠭᠡᠢ ᠪᠦᠷᠢᠨᠰᠢᠭᠦᠯᠬᠦ ᠳᠤ᠂ ᠡᠷᠬᠡᠪᠰᠢ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠦᠬᠦ ᠶᠠᠪᠤᠴᠠ ᠳᠤ | ᠲᠤᠤᠱᠯᠠᠭᠤᠯᠵᠤ᠂ ︽ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠪᠡ | ᠃ | ᠶᠠᠩ ᠽᠢ ᠴᠢᠶᠠᠩ ᠴᠢᠬᠤᠯᠠᠴᠢᠯᠠᠭᠰᠠᠨ ᠨᠢ᠂ ᠰᠤᠷᠭᠠᠭᠤᠯᠢ ᠬᠢᠨ ᠢᠳᠡᠭᠡᠨ ᠤ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ | ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠪᠠᠷᠠᠭ᠎ᠠ ᠣᠷᠣᠭᠤᠯᠬᠤ ᠪᠣᠭᠤᠮᠲᠠ᠂ ᠬᠠᠳᠠᠭᠠᠯᠠᠬᠤ ᠪᠣᠭᠤᠮᠲᠠ᠂ ᠡᠳ᠋ᠰᠢᠭᠦᠯᠬᠦ ᠪᠣᠭᠤᠮᠲᠠ᠂ ᠠᠷᠢᠭᠤᠳᠬᠠᠬᠤ ᠪᠣᠭᠤᠮᠲᠠ᠂ | ᠡᠷᠡᠭᠦᠯ ᠮᠡᠨᠳᠦ ᠶᠢᠨ ᠪᠣᠭᠤᠮᠲᠠ ᠶᠢ ᠡᠷᠡᠰ ᠰᠠᠶᠢᠲᠤᠷ ᠠᠳᠬᠤᠵᠤ᠂ ᠠᠵᠢᠯ ᠡᠷᠬᠢᠯᠡᠭᠰᠡᠳ ᠲᠤ ᠢᠳᠡᠭᠡᠨ ᠤ ᠠᠮᠤᠷ | ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ | ᠪᠠ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠤᠷᠤᠭᠴᠢᠳ ᠲᠤ ᠡᠷᠡᠭᠦᠯ ᠢᠳᠡᠭᠡᠨ ᠢᠳᠡᠭᠦᠯᠬᠦ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ᠂ ᠨᠡᠶᠢᠭᠡᠮ ᠤᠨ | ᠰᠠᠨᠠᠭᠠᠨ ᠳᠤ ᠨᠡᠶᠢᠴᠡᠭᠰᠡᠨ ᠬᠤᠭᠤᠯᠠᠨ ᠭᠡᠷ ᠢ ᠴᠢᠷᠮᠠᠶᠢᠨ ᠪᠠᠶᠢᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠬᠢᠨ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠬᠢᠵᠦ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ | ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠵᠢᠯᠣᠭᠤᠳᠤᠨ | ᠦᠢᠯᠡᠴᠢᠯᠡᠬᠦ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠢ ᠭᠡᠪᠡ᠃ | | | | | |