ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ᠂ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠵᠠᠷᠤᠳ ᠳᠤ ᠰᠠᠭᠤᠭ᠎ᠠ ᠲᠦᠪ ᠤᠷᠤᠨ | ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠳᠤ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠠᠷᠤᠳ | ᠬᠤᠰᠢᠭᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠠᠷᠭ᠎ᠠ︾ | ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠲᠤᠷ | ᠠᠳᠬᠤᠲᠤᠭᠠᠢ᠃ | | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 11 ᠰᠠᠷ᠎ᠠ ᠶᠢᠨ 15 | | | | | ᠵᠠᠷᠤᠳ ᠬᠤᠰᠢᠭᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ | ᠠᠷᠭ᠎ᠠ | | | | ᠨᠢᠭᠡᠳᠦᠭᠡᠷ ᠪᠦᠯᠦᠭ᠂ ᠶᠡᠷᠦᠩᠬᠡᠢ ᠳᠦᠷᠢᠮ | ᠨᠢᠭᠡᠳᠦᠭᠡᠷ ᠵᠤᠷᠪᠤᠰ᠂ ᠵᠠᠷᠤᠳ ᠬᠤᠰᠢᠭᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ | ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠵᠦ᠂ ᠲᠥᠷᠥᠯ ᠵᠦᠢᠯ ᠤᠨ ᠦᠷ᠎ᠡ | ᠠᠰᠢᠭ ᠢ ᠤᠷᠲᠤ ᠬᠤᠭᠤᠴᠠᠭ᠎ᠠ ᠪᠠᠷ ᠪᠠᠳᠠᠷᠠᠭᠤᠯᠬᠤ ᠶᠢ ᠪᠠᠳᠤᠯᠠᠬᠤ ᠶᠢᠨ ᠲᠥᠯᠥᠭᠡ᠂ ︽ᠦᠨᠳᠤᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠶᠢᠨ ᠠᠷᠭ᠎ᠠ︾ ︽ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠨᠡᠯᠡᠵᠦ ᠤᠷᠮᠠᠰᠢᠭᠤᠯᠬᠤ ᠲᠤᠬᠠᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ | ᠳᠠᠷᠤᠮᠠᠯᠯᠠᠨ ᠲᠠᠷᠬᠠᠭᠠᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︽ᠦᠨᠳᠤᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠮᠤᠷ | ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠰᠢᠯᠭᠠᠨ ᠬᠢᠨᠠᠬᠤ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ︾ ︽ᠲᠦᠩᠯᠢᠶᠣᠣ ᠬᠤᠲᠠ ᠶᠢᠨ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠠᠷᠭ᠎ᠠ︾ ᠵᠡᠷᠭᠡ ᠬᠤᠯᠪᠣᠭᠳᠠᠯ | ᠪᠦᠬᠦᠢ ᠲᠣᠭᠲᠠᠭᠠᠯ ᠢ ᠦᠨᠳᠤᠰᠤᠯᠡᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠵᠠᠷᠤᠳ ᠬᠤᠰᠢᠭᠤᠨ ᠤ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ | ᠬᠠᠮᠠᠭᠠᠯᠠᠬᠤ ᠠᠷᠭ᠎ᠠ ᠶᠢ ᠲᠤᠭᠳᠠᠭᠠᠪᠠ᠃ | ᠬᠤᠶᠠᠳᠤᠭᠠᠷ ᠵᠤᠷᠪᠤᠰ᠂ ᠲᠣᠰ ᠠᠷᠭ᠎ᠠ ᠶᠢ ᠵᠠᠷᠤᠳ ᠬᠤᠰᠢᠭᠤᠨ ᠤ ᠬᠢᠯᠢ ᠳᠣᠲᠣᠷᠠᠬᠢ ᠡᠯ᠎ᠡ ᠱᠠᠲᠤᠨ ᠤ ᠡᠳ᠋ ᠤᠨ | ᠵᠠᠰᠠᠭ ᠤᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠳᠤ ᠲᠤᠬᠢᠷᠠᠨ᠎ᠠ᠃ | ᠭᠤᠷᠪᠠᠳᠤᠭᠠᠷ ᠵᠤᠷᠪᠤᠰ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠪᠠᠶᠢᠭᠤᠯᠤᠭᠰᠠᠨ ᠤ | ᠳᠠᠷᠠᠭᠠᠬᠢ ᠬᠠᠮᠢᠶᠠᠷᠴᠤ ᠬᠠᠮᠠᠭᠠᠯᠠᠬᠤ ᠭᠤᠣᠯ ᠡᠭᠦᠷᠭᠡ ᠪᠣᠯ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠪᠣᠯᠣᠨ | ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠪᠠᠷᠢᠮᠵᠢᠶ᠎ᠠ᠂ ᠵᠠᠷᠤᠳᠠᠯ | ᠪᠣᠯᠣᠨ ᠵᠢᠷᠤᠮᠵᠢᠯ ᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ ᠵᠠᠭᠪᠤᠷ ᠤᠨ ᠰᠢᠨ᠎ᠡ ᠶᠢ ᠡᠭᠦᠳᠬᠦ ᠶᠢ | ᠰᠦᠪᠡᠭᠴᠢᠯᠡᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠭᠤᠣᠯ ᠴᠣᠭᠴᠠ ᠨᠢ ᠣᠯᠠᠨ ᠡᠰᠢᠵᠢᠭᠰᠡᠨ᠂ | ᠵᠠᠬ᠎ᠠ ᠲᠡᠯᠭᠡᠭᠦᠷᠴᠢᠯᠡᠨ ᠠᠵᠢᠯᠯᠠᠭᠤᠯᠬᠤ᠂ ᠪᠠᠲᠤᠯᠠᠭ᠎ᠠ ᠨᠢ ᠬᠦᠴᠦᠲᠡᠢ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠣᠯᠣᠨ᠎ᠠ᠃ | ᠬᠤᠶᠠᠳᠤᠭᠠᠷ ᠪᠦᠯᠦᠭ᠂ ᠬᠠᠮᠢᠶᠠᠷᠴᠤ ᠬᠠᠮᠠᠭᠠᠯᠠᠬᠤ ᠠᠭᠤᠯᠭ᠎ᠠ | ᠳᠥᠷᠪᠡᠳᠦᠭᠡᠷ ᠵᠤᠷᠪᠤᠰ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠪᠠᠶᠢᠭᠤᠯᠤᠭᠰᠠᠨ ᠤ | ᠳᠠᠷᠠᠭᠠᠬᠢ ᠬᠠᠮᠢᠶᠠᠷᠴᠤ ᠬᠠᠮᠠᠭᠠᠯᠠᠬᠤ ᠠᠭᠤᠯᠭ᠎ᠠ᠃ | ︵ᠨᠢᠭᠡ︶ ᠤᠰᠤᠯᠠᠬᠤ ᠤᠰᠤ ᠵᠠᠯᠠᠬᠤ ᠢᠨᠵᠧᠨᠧᠷᠢᠩ᠃ ᠲᠥᠷᠥᠯ ᠵᠦᠢᠯ ᠤᠨ ᠣᠷᠣᠨ ᠤ ᠳᠣᠲᠣᠷᠠᠬᠢ ᠤᠰᠤᠯᠠᠬᠤ | ᠤᠰᠤ ᠵᠠᠯᠠᠬᠤ ᠰᠤᠪᠠᠭ᠂ ᠤᠰᠤᠨ ᠤ ᠰᠤᠷᠪᠤᠯᠵᠢ ᠶᠢᠨ ᠬᠤᠳᠳᠤᠭ ᠤᠨ ᠬᠤᠭᠤᠯᠠᠢ᠂ ᠱᠤᠩᠭᠤᠯ ᠬᠥᠭᠡᠷᠭᠡ ᠵᠢᠴᠢ | ᠢᠵᠢ ᠪᠦᠷᠢᠳᠦᠭᠦᠯᠬᠦ ᠲᠥᠬᠦᠭᠡᠷᠦᠮᠵᠢ᠂ ᠬᠡᠲᠦ ᠲᠠᠭᠤᠨ ᠳᠣᠯᠭᠢᠶᠠᠨ ᠤ ᠤᠰᠤᠨ ᠤᠷᠤᠰᠬᠠᠯ ᠤᠨ ᠬᠡᠮᠵᠢᠭᠦᠷ᠂ | ᠳᠠᠷᠤᠯᠲᠠ ᠶᠢᠨ ᠬᠡᠮᠵᠢᠭᠦᠷ᠂ ᠬᠤᠳᠳᠤᠭ ᠤᠨ ᠭᠡᠷ ᠤᠨ ᠬᠡᠷᠡᠮ ᠬᠠᠨ᠎ᠠ᠂ ᠭᠡᠷ ᠤᠨ ᠡᠭᠦᠳᠡ᠂ ᠭᠡᠷ ᠤᠨ ᠣᠷᠣᠢ᠂ | ᠠᠶᠤᠩᠭ᠎ᠠ ᠵᠠᠶᠢᠯᠠᠭᠤᠯᠤᠭᠴᠢ᠂ ᠤᠰᠤ ᠰᠠᠴᠤᠬᠤ ᠬᠥᠲᠥᠯ᠂ ᠬᠤᠳᠳᠤᠭ ᠤᠨ ᠭᠡᠷ ᠤᠨ ᠪᠣᠷᠳᠣᠭᠤᠷ ᠣᠷᠣᠭᠤᠯᠬᠤ | ᠰᠠᠪᠠ᠂ ᠱᠦᠭᠦᠭᠦᠷ᠂ ᠬᠤᠳᠳᠤᠭ ᠴᠠᠬᠢᠯᠭᠠᠨ ᠤ ᠬᠤᠣᠰ ᠡᠵᠡᠮᠰᠢᠯ ᠤᠨ ᠲᠥᠬᠦᠭᠡᠷᠦᠮᠵᠢ᠂ ᠴᠠᠬᠢᠯᠭᠠᠨ ᠬᠦᠷᠭᠡᠬᠦ | ᠤᠲᠠᠰᠤ᠂ ᠭᠡᠷᠡᠯᠲᠦᠭᠦᠯᠭᠡ ᠵᠢᠴᠢ ᠬᠢᠨᠠᠨ ᠡᠵᠡᠮᠳᠡᠬᠦ ᠲᠥᠬᠦᠭᠡᠷᠦᠮᠵᠢ᠂ ᠲᠠᠷᠢᠶᠠᠨ ᠤ ᠭᠠᠵᠠᠷ ᠳᠡᠭᠡᠷᠡᠬᠢ ᠪᠠ ᠭᠠᠵᠠᠷ | ᠳᠣᠣᠷᠠᠬᠢ ᠬᠤᠭᠤᠯᠠᠢ᠂ ᠤᠰᠤ ᠬᠠᠰᠢᠬᠤ ᠵᠡᠷᠭᠡ ᠪᠠᠷᠢᠯᠭ᠎ᠠ᠃ | ︵ᠬᠤᠶᠠᠷ︶ ᠲᠠᠷᠢᠶᠠᠨ ᠭᠠᠵᠠᠷ ᠤᠨ ᠵᠠᠮ ᠤᠨ ᠪᠠᠷᠢᠯᠭ᠎ᠠ᠂ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ ᠪᠠ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠᠷᠢᠯᠭ᠎ᠠ᠃ ᠲᠥᠷᠥᠯ ᠵᠦᠢᠯ ᠤᠨ ᠣᠷᠣᠨ ᠤ ᠳᠣᠲᠣᠷᠠᠬᠢ | ᠲᠠᠷᠢᠶᠠᠨ ᠵᠠᠮ᠂ ᠬᠠᠯᠬᠠᠪᠴᠢ ᠣᠶ ᠵᠡᠷᠭᠡ ᠪᠠᠷᠢᠯᠭ᠎ᠠ᠃ | ︵ᠭᠤᠷᠪᠠ︶ ᠲᠠᠷᠢᠶᠠᠨ ᠭᠠᠵᠠᠷ ᠤᠨ ᠴᠠᠬᠢᠯᠭᠠᠨ ᠬᠦᠷᠭᠡᠬᠦ ᠪᠠᠷᠢᠯᠭ᠎ᠠ᠃ ᠲᠥᠷᠥᠯ ᠵᠦᠢᠯ ᠤᠨ ᠣᠷᠣᠨ ᠤ ᠳᠣᠲᠣᠷᠠᠬᠢ | ᠥᠨᠳᠥᠷ ᠳᠣᠣᠷ᠎ᠠ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ᠂ ᠬᠦᠴᠦᠳᠡᠯ ᠥᠭᠡᠷᠡᠴᠢᠯᠡᠭᠴᠢ ᠵᠢᠴᠢ ᠳᠠᠭᠠᠯᠲᠠ | ᠪᠡᠯᠡᠳᠬᠡᠮᠵᠢ ᠵᠡᠷᠭᠡ ᠪᠠᠷᠢᠯᠭ᠎ᠠ᠃ | ︵ᠳᠥᠷᠪᠡ︶ ᠫᠠᠶᠢᠰᠠ ᠪᠠ ᠲᠡᠮᠳᠡᠭ ᠢ ᠢᠯᠡ ᠪᠤᠯᠭᠠᠬᠤ᠃ ᠲᠥᠷᠥᠯ ᠵᠦᠢᠯ ᠤᠨ ᠲᠣᠭᠤᠷᠢᠭ ᠤᠨ ᠢᠯᠡ ᠪᠤᠯᠭᠠᠬᠤ | ᠫᠠᠶᠢᠰᠠ᠂ ᠬᠤᠳᠳᠤᠭ ᠤᠨ ᠭᠡᠷ ᠤᠨ ᠫᠠᠶᠢᠰᠠ ᠵᠢᠴᠢ ᠵᠠᠭᠠᠭ ᠬᠢᠵᠠᠭᠠᠷ ᠤᠨ ᠱᠣᠩ᠃ | ᠭᠤᠷᠪᠠᠳᠤᠭᠠᠷ ᠪᠦᠯᠦᠭ᠂ ᠬᠠᠮᠢᠶᠠᠷᠴᠤ ᠬᠠᠮᠠᠭᠠᠯᠠᠬᠤ ᠪᠡᠶᠡᠴᠢ ᠴᠣᠭᠴᠠ ᠵᠢᠴᠢ ᠲᠤᠰᠢᠶᠠᠯ ᠬᠠᠷᠢᠭᠤᠴᠠᠯᠭ᠎ᠠ | ᠲᠠᠪᠤᠳᠤᠭᠠᠷ ᠵᠤᠷᠪᠤᠰ᠂ ᠲᠥᠷᠥᠯ ᠵᠦᠢᠯ ᠤᠨ ᠪᠠᠷᠢᠯᠭ᠎ᠠ ᠲᠠᠭᠤᠰᠴᠤ ᠰᠢᠯᠭᠠᠨ ᠬᠤᠷᠢᠶᠠᠭᠰᠠᠨ ᠤ ᠳᠠᠷᠠᠭ᠎ᠠ᠂ | ᠬᠡᠷᠡᠭᠵᠢᠭᠦᠯᠤᠭ᠍ᠰᠡᠨ ᠰᠠᠯᠠᠭ᠎ᠠ ᠮᠥᠴᠢᠷ ᠨᠢ ᠲᠥᠷᠥᠯ ᠵᠦᠢᠯ ᠤᠨ ᠲᠣᠭᠤᠷᠢᠭ ᠤᠨ ᠰᠤᠮᠤ ᠪᠠᠯᠭᠠᠰᠤ ︵ᠲᠠᠯᠠᠪᠠᠶ︶᠂ | ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠯᠤᠭ᠎ᠠ ᠴᠠᠭ ᠲᠤᠬᠠᠢ ᠳᠤᠨᠢ ᠪᠠᠷᠢᠯᠭ᠎ᠠ ᠶᠢ ᠬᠠᠮᠢᠶᠠᠷᠴᠤ ᠬᠠᠮᠠᠭᠠᠯᠠᠬᠤ | ᠵᠢᠴᠢ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠭᠠᠷᠳᠠᠮ ᠭᠦᠢᠴᠡᠳᠬᠡᠬᠦ ᠬᠡᠷᠡᠭᠲᠡᠢ᠃ ᠲᠥᠷᠥᠯ ᠵᠦᠢᠯ ᠤᠨ | ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠤᠯ ᠲᠥᠷᠥᠯ ᠵᠦᠢᠯ ᠤᠨ ᠲᠣᠭᠤᠷᠢᠭ ᠤᠨ | ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠪᠠᠶᠢᠵᠤ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ | ᠪᠠᠯᠭᠠᠰᠤ ︵ᠲᠠᠯᠠᠪᠠᠶ︶ ᠨᠢ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ | ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠬᠢᠨᠠᠨ ᠵᠢᠯᠤᠭᠤᠳᠴᠤ ᠪᠠᠶᠢᠭᠠᠳ ︽ | ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠠᠰ ᠳᠠᠷᠠᠭᠠᠯᠠᠯ ᠢᠶᠠᠷ ᠳᠡᠮᠵᠢᠨ ᠬᠠᠮᠢᠶᠠᠷᠴᠤ ᠬᠠᠮᠠᠭᠠᠯᠠᠬᠤ | ᠭᠤᠣᠯ ᠴᠣᠭᠴᠠ ᠶᠢ ᠲᠣᠭᠲᠠᠭᠠᠨ᠎ᠠ᠃ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ᠂ ᠲᠤᠰᠬᠠᠢ ᠨᠡᠶᠢᠭᠡᠮᠯᠢᠭ᠂ | ᠮᠠᠯᠵᠢᠬᠤ ᠲᠠᠷᠢᠶᠠᠯᠠᠬᠤ ᠡᠷᠦᠬᠡ ᠵᠢᠴᠢ ᠵᠣᠬᠢᠬᠤ ᠴᠢᠳᠠᠪᠤᠷᠢ ᠶᠢ ᠪᠦᠷᠢᠯᠳᠤᠭᠦᠯᠤᠭ᠍ᠰᠡᠨ ᠮᠥᠩᠭᠦᠨ ᠭᠦᠢᠯᠭᠡᠭᠡᠨ ᠤ | ᠳᠠᠭᠠᠳᠬᠠᠯ ᠤᠨ ᠪᠠᠶᠢᠭᠤᠯᠤᠮᠵᠢ ᠶᠢ ᠴᠥᠮ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠪᠣᠯᠭᠠᠵᠤ ᠪᠣᠯᠣᠨ᠎ᠠ᠃ | ᠪᠠᠷᠢᠯᠭ᠎ᠠ ᠶᠢ ᠬᠠᠮᠢᠶᠠᠷᠴᠤ ᠬᠠᠮᠠᠭᠠᠯᠠᠬᠤ ᠵᠢᠴᠢ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠭᠠᠷᠳᠠᠮ | ᠭᠦᠢᠴᠡᠳᠬᠡᠭᠰᠡᠨ ᠤ ᠳᠠᠷᠠᠭ᠎ᠠ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠲᠠᠯᠠᠪᠠᠶ︶ ᠬᠢᠨᠠᠯᠲᠠ | ᠲᠠᠯᠪᠢᠬᠤ ᠬᠠᠷᠢᠭᠤᠴᠠᠯᠭ᠎ᠠ ᠶᠢᠨ ᠭᠤᠣᠯ ᠴᠣᠭᠴᠠ ᠪᠠ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠯᠤᠭ᠎ᠠ | ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠵᠥᠪᠯᠡᠯᠴᠡᠭᠡᠷ ᠲᠤᠭᠳᠠᠵᠦ ᠵᠢᠴᠢ ᠭᠡᠷᠡᠴᠢᠯᠡᠬᠦ ᠲᠠᠯ᠎ᠠ ᠶᠢᠨ | ᠬᠢᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠵᠤ ᠵᠦᠪᠰᠢᠶᠡᠷᠡᠭᠰᠡᠨ ᠤ ᠲᠠᠷᠠᠭ᠎ᠠ᠂ ᠲᠥᠷᠥᠯ ᠵᠦᠢᠯ ᠢ | ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠵᠢᠷᠭᠤᠳᠤᠭᠠᠷ ᠵᠤᠷᠪᠤᠰ᠂ ᠲᠥᠷᠥᠯ ᠵᠦᠢᠯ ᠢ ᠬᠠᠮᠢᠶᠠᠷᠴᠤ ᠬᠠᠮᠠᠭᠠᠯᠠᠬᠤ ᠳᠤ ᠳᠣᠣᠷᠠᠬᠢ ᠱᠠᠭᠠᠷᠳᠠᠯᠭ᠎ᠠ ᠳᠤ ᠬᠦᠷᠬᠦ | ᠬᠡᠷᠡᠭᠲᠡᠢ᠃ | ︵ᠨᠢᠭᠡ︶᠂ ᠤᠰᠤᠯᠠᠬᠤ ᠤᠰᠤ ᠵᠠᠯᠠᠬᠤ ᠪᠠᠷᠢᠯᠭ᠎ᠠ᠃ ᠤᠰᠤᠨ ᠤ ᠰᠤᠷᠪᠤᠯᠵᠢ ᠶᠢᠨ ᠪᠠᠷᠢᠯᠭ᠎ᠠ᠂ ᠤᠰᠤᠯᠠᠬᠤ ᠤᠰᠤ | ᠵᠠᠯᠠᠬᠤ ᠰᠤᠪᠠᠭ ᠬᠢᠭᠡᠳ ᠬᠤᠭᠤᠯᠠᠢ ᠲᠣᠣᠷ᠂ ᠲᠠᠷᠢᠶᠠᠨ ᠭᠠᠵᠠᠷ ᠤᠨ ᠳᠠᠭᠠᠯᠲᠠ ᠲᠦᠬᠦᠬᠡᠷᠤᠮᠵᠢ ᠵᠡᠷᠭᠡ ᠶᠢ ᠬᠡᠪ ᠢᠶᠠᠷ | ᠬᠡᠷᠡᠭᠯᠡᠬᠦ ᠶᠢ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠦᠭᠡᠢ᠂ ᠤᠰᠤᠯᠠᠬᠤ ᠤᠰᠤ ᠵᠠᠯᠠᠬᠤ ᠱᠠᠭᠠᠷᠳᠠᠯᠭ᠎ᠠ ᠶᠢ | ᠬᠠᠩᠭᠠᠬᠤ ᠬᠡᠷᠡᠭᠳᠠᠢ︔ | ︵ᠬᠤᠶᠠᠷ︶᠂ ᠲᠠᠷᠢᠶᠠᠨ ᠵᠠᠮ ᠤᠨ ᠪᠠᠷᠢᠯᠭ᠎ᠠ᠃ ᠵᠠᠮ ᠲᠡᠭᠰᠢ ᠰᠠᠷᠠᠭᠤᠯ ᠲᠠᠷᠳᠠᠩ᠂ ᠰᠠᠭᠠᠳ ᠦᠭᠡᠢ ᠨᠡᠪᠲᠡᠷᠡᠬᠦ᠂ | ᠵᠠᠮ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠲᠠᠷᠢᠶᠠᠯᠠᠬᠤ ᠬᠡᠷᠡᠭᠴᠡᠭᠡ ᠶᠢ ᠬᠠᠩᠭᠠᠬᠤ ᠬᠡᠷᠡᠭᠲᠡᠢ︔ | ︵ᠭᠤᠷᠪᠠ︶᠂ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ ᠪᠠ ᠠᠮᠢ ᠠᠬᠤᠢ ᠶᠢᠨ ᠣᠷᠴᠢᠨ ᠨᠥᠬᠦᠴᠡᠯ ᠢ | ᠬᠠᠮᠠᠭᠠᠯᠠᠬᠤ ᠪᠠᠷᠢᠯᠭ᠎ᠠ᠃ ᠬᠠᠯᠬᠠᠪᠴᠢ ᠤᠢ ᠶᠢᠨ ᠭᠤᠷᠪᠠᠨ ᠵᠢᠯ ᠤᠨ ᠳᠣᠲᠣᠷᠠᠬᠢ ᠤᠷᠭᠤᠯᠳᠠ ᠶᠢᠨ ᠨᠤᠷᠮ᠎ᠠ 85% | ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠨᠥᠬᠦᠵᠦ | ᠳᠠᠷᠢᠵᠤ᠂ ᠰᠠᠯᠬᠢ ᠶᠢ ᠬᠠᠯᠬᠠᠯᠠᠬᠤ᠂ ᠡᠯᠡᠰᠦ ᠶᠢ ᠲᠣᠭᠲᠠᠪᠤᠷᠢᠵᠢᠭᠤᠯᠬᠤ ᠵᠢᠴᠢ ᠲᠠᠷᠢᠶᠠᠨ ᠭᠠᠵᠠᠷ ᠢ ᠬᠠᠮᠠᠭᠠᠯᠠᠬᠤ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ︔ | ︵ᠳᠥᠷᠪᠡ︶᠂ ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠᠷᠢᠯᠭ᠎ᠠ᠃ ᠴᠠᠬᠢᠯᠭᠠᠨ ᠬᠦᠷᠭᠡᠬᠦ ᠬᠡᠯᠬᠢᠶ᠎ᠡ᠂ ᠴᠠᠬᠢᠯᠭᠠᠨ | ᠲᠦᠭᠡᠭᠡᠬᠦ ᠪᠡᠯᠡᠳᠬᠡᠮᠵᠢ᠂ ᠲᠤᠤᠷ᠎ᠠ ᠬᠦᠴᠤᠳᠡᠯᠳᠤ ᠴᠠᠬᠢᠯᠭᠠᠨ ᠤ ᠲᠦᠬᠦᠭᠡᠷᠤᠮᠵᠢ ᠵᠢᠴᠢ ᠬᠠᠮᠢᠶ᠎ᠠ ᠪᠦᠬᠦᠢ ᠢᠵᠢ | ᠪᠦᠷᠢᠳᠦᠭᠦᠯᠬᠦ ᠪᠠᠷᠢᠯᠭ᠎ᠠ ᠶᠢᠨ ᠲᠦᠬᠦᠭᠡᠷᠤᠮᠵᠢ ᠶᠢᠨ ᠬᠡᠪ ᠤᠨ ᠠᠮᠤᠷ ᠲᠦᠪᠰᠢᠨ ᠠᠵᠢᠯᠯᠠᠬᠤ ᠶᠢ ᠪᠠᠲᠤᠯᠠᠵᠤ᠂ | ᠬᠦᠷᠢᠶ᠎ᠡ ᠬᠠᠰᠢᠶ᠎ᠠ ᠪᠠ ᠰᠡᠷᠡᠮᠵᠢᠯᠡᠭᠦᠯᠬᠦ ᠲᠡᠮᠳᠡᠭ ᠪᠦᠷᠢᠨ ᠪᠦᠲᠦᠨ ᠪᠠᠶᠢᠵᠤ᠂ ᠳᠣᠣᠷ᠎ᠠ ᠬᠦᠴᠦᠳᠡᠯᠲᠦ ᠴᠠᠬᠢᠯᠭᠠᠨ | ᠬᠦᠷᠭᠡᠬᠦ ᠬᠡᠯᠬᠢᠶ᠎ᠡ ᠨᠢ ᠤᠰᠤᠯᠠᠬᠤ ᠤᠰᠤ ᠵᠠᠯᠠᠬᠤ ᠪᠡᠯᠡᠳᠬᠡᠮᠵᠢ ᠶᠢᠨ ᠠᠵᠢᠯᠯᠠᠭᠠᠨ ᠪᠠ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ︵ᠲᠠᠪᠤ︶᠂ ᠫᠠᠶᠢᠰᠠ ᠪᠠ ᠲᠡᠮᠳᠡᠭ ᠢ ᠢᠯᠡ ᠪᠤᠯᠭᠠᠬᠤ᠃ ᠫᠠᠶᠢᠰᠠ ᠶᠢᠨ ᠨᠢᠭᠤᠷ ᠲᠠᠬᠢ ᠥᠰᠥᠭ ᠤᠨ ᠲᠢᠭ ᠵᠢᠴᠢ | ᠮᠡᠳᠡᠭᠡ ᠵᠠᠩᠭᠢ ᠪᠦᠷᠢᠨ ᠪᠦᠲᠦᠨ᠂ ᠫᠠᠶᠢᠰᠠ ᠪᠣᠯᠣᠨ ᠵᠠᠭᠠᠭ ᠬᠢᠵᠠᠭᠠᠷ ᠤᠨ ᠱᠣᠩ ᠪᠦᠷᠢᠨ ᠪᠦᠲᠦᠨ ᠪᠠᠶᠢᠬᠤ ᠶᠢ | ᠪᠠᠲᠤᠯᠠᠬᠤ ᠬᠡᠷᠡᠭᠲᠡᠢ᠃ | ᠳᠣᠯᠣᠳᠤᠭᠠᠷ ᠵᠤᠷᠪᠤᠰ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠲᠦᠬᠦᠭᠡᠷᠤᠮᠵᠢ ᠶᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠤᠨ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠠᠴᠠ ᠡᠯ᠎ᠡ ᠲᠥᠷᠥᠯ ᠵᠦᠢᠯ ᠤᠨ ᠲᠣᠭᠤᠷᠢᠭ ᠤᠨ ᠪᠠᠯᠭᠠᠰᠤ ᠲᠣᠰᠬᠤᠨ ᠬᠤᠶᠠᠷ ᠱᠠᠲᠤᠨ ᠤ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠦᠢᠯᠡᠴᠢᠯᠡᠬᠦ ᠶᠢ ᠬᠠᠷᠢᠭᠤᠴᠠᠵᠤ᠂ ᠡᠯ᠎ᠡ | ᠲᠥᠷᠥᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠲᠤᠷᠰᠢᠨ ᠬᠡᠷᠡᠭᠯᠡᠬᠦ ᠬᠤᠭᠤᠴᠠᠭᠠᠨ ᠳᠤ ᠬᠡᠪ ᠤᠨ ᠶᠣᠰᠣᠭᠠᠷ | ᠠᠵᠢᠯᠯᠠᠬᠤ ᠶᠢ ᠦᠨᠡᠨᠬᠦ ᠪᠠᠳᠤᠯᠠᠬᠤ ᠬᠡᠷᠡᠭᠳᠠᠢ᠃ | ᠨᠠᠢᠮᠠᠳᠤᠭᠠᠷ ᠵᠤᠷᠪᠤᠰ᠂ ᠰᠤᠮᠤ ᠪᠠᠯᠭᠠᠰᠤ ︵ᠲᠠᠯᠠᠪᠠᠶ︶ ᠬᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠭᠦᠢᠴᠡᠳᠬᠡᠵᠦ᠂ ᠬᠠᠷᠢᠶᠠᠲᠤ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠲᠦᠬᠦᠭᠡᠷᠤᠮᠵᠢ ᠶᠢᠨ ᠬᠠᠮᠢᠶᠠᠷᠴᠤ ᠬᠠᠮᠠᠭᠠᠯᠠᠬᠤ ᠶᠢ ᠵᠢᠯᠤᠭᠤᠳᠬᠤ ᠪᠠ ᠬᠢᠨᠠᠨ ᠬᠠᠮᠢᠶᠠᠷᠬᠤ ᠠᠵᠢᠯ ᠢ | ᠬᠠᠷᠢᠭᠤᠴᠠᠵᠤ᠂ ᠲᠥᠷᠥᠯ ᠵᠦᠢᠯ ᠤᠨ ᠲᠣᠭᠤᠷᠢᠭ ᠤᠨ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠤ | ᠬᠠᠮᠢᠶᠠᠷᠴᠤ ᠬᠠᠮᠠᠭᠠᠯᠠᠬᠤ ᠳᠦᠷᠢᠮ ᠪᠠᠶᠢᠭᠤᠯᠬᠤ ᠶᠢ ᠵᠢᠯᠣᠭᠤᠳᠤᠨ᠂ ᠬᠠᠮᠢᠶᠠᠷᠴᠤ ᠬᠠᠮᠠᠭᠠᠯᠠᠬᠤ ᠲᠥᠰᠥᠯ | ᠲᠣᠭᠲᠠᠭᠠᠵᠤ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ ᠵᠥᠪᠯᠡᠯᠴᠡᠭᠡᠷ ᠲᠣᠭᠲᠠᠵᠤ᠂ ᠡᠳᠦᠷ | ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠨ᠂ ᠲᠣᠰ ᠠᠷᠭ᠎ᠠ ᠳᠤ | ᠲᠣᠭᠲᠠᠭᠠᠭᠰᠠᠨ ᠬᠠᠮᠢᠶᠠᠷᠴᠤ ᠬᠠᠮᠠᠭᠠᠯᠠᠬᠤ ᠱᠠᠭᠠᠷᠳᠠᠯᠭ᠎ᠠ ᠶᠣᠰᠣᠭᠠᠷ ᠬᠠᠮᠢᠶᠠᠷᠴᠤ ᠬᠠᠮᠠᠭᠠᠯᠠᠵᠤ᠂ ᠢᠨᠵᠧᠨᠧᠷᠢᠩ ᠤᠨ | ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠶᠢᠰᠦᠳᠦᠭᠡᠷ ᠵᠤᠷᠪᠤᠰ᠂ ᠲᠥᠷᠥᠯ ᠵᠦᠢᠯ ᠤᠨ ᠲᠣᠭᠤᠷᠢᠭ ᠤᠨ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠬᠢᠨ | ᠪᠠᠶᠢᠭ᠎ᠠ ᠭᠠᠵᠠᠷ ᠤᠨ ᠰᠤᠮᠤ ᠪᠠᠯᠭᠠᠰᠤ ︵ᠲᠠᠯᠠᠪᠠᠶ︶ ᠶᠢᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠳᠣᠣᠷ᠎ᠠ᠂ | ᠬᠠᠮᠢᠶᠠᠷᠴᠤ ᠬᠠᠮᠠᠭᠠᠯᠠᠬᠤ ᠰᠢᠭᠤᠳ ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ ᠬᠠᠮᠢᠶᠠᠷᠴᠤ ᠬᠠᠮᠠᠭᠠᠯᠠᠭᠰᠠᠨ | ᠠᠵᠢᠯ ᠤᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠴᠠᠭ ᠲᠤᠬᠠᠢ ᠳᠤᠨᠢ ᠢᠯᠡ ᠨᠡᠶᠢᠲᠡᠯᠡᠵᠦ᠂ ᠣᠯᠠᠨ ᠲᠦᠮᠡᠨ ᠤ | ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ | ᠠᠷᠪᠠᠳᠤᠭᠠᠷ ᠵᠤᠷᠪᠤᠰ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠬᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠢᠶᠠᠷᠴᠤ ᠬᠠᠮᠠᠭᠠᠯᠠᠬᠤ ᠵᠥᠪᠯᠡᠯᠴᠡᠭᠡᠷ ᠤᠨ ᠬᠠᠮᠢᠶ᠎ᠠ ᠪᠦᠬᠦᠢ ᠲᠤᠭᠳᠠᠭᠠᠯ ᠢ | ᠴᠢᠩᠭ᠎ᠠ ᠵᠢᠷᠤᠮᠯᠠᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠦᠬᠦᠭᠡᠷᠤᠮᠵᠢ ᠶᠢᠨ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠶᠢ ᠦᠨᠡᠨᠬᠦ ᠴᠢᠩᠭᠠᠳᠬᠠᠵᠤ᠂ ᠬᠠᠮᠢᠶᠠᠷᠴᠤ ᠬᠠᠮᠠᠭᠠᠯᠠᠭᠰᠠᠨ ᠲᠡᠮᠳᠡᠭᠯᠡᠯ | ᠢᠶᠠᠨ ᠰᠠᠶᠢᠲᠤᠷ ᠬᠢᠵᠦ᠂ ᠬᠠᠮᠢᠶᠠᠷᠴᠤ ᠬᠠᠮᠠᠭᠠᠯᠠᠭᠰᠠᠨ ᠡᠬᠡ ᠲᠠᠩᠰᠠ ᠪᠠᠶᠢᠭᠤᠯᠤᠨ᠂ ᠪᠠᠶᠢᠭᠤᠯᠤᠭᠰᠠᠨ ᠤ ᠳᠠᠷᠠᠭᠠᠬᠢ | ᠬᠠᠮᠢᠶᠠᠷᠴᠤ ᠬᠠᠮᠠᠭᠠᠯᠠᠬᠤ ᠠᠵᠢᠯ ᠳᠤ ᠨᠡᠬᠡᠮᠵᠢᠯᠡᠵᠦ ᠪᠣᠯᠬᠤ᠂ ᠳᠠᠬᠢᠨ ᠪᠠᠶᠢᠴᠠᠭᠠᠵᠤ ᠪᠣᠯᠬᠤ ᠦᠨᠳᠦᠰᠦᠯᠡᠯ ᠬᠠᠩᠭᠠᠵᠤ | ᠂ ᠲᠦᠬᠦᠭᠡᠷᠤᠮᠵᠢ ᠶᠢᠨ ᠬᠡᠪ ᠤᠨ ᠠᠵᠢᠯᠯᠠᠭᠠᠨ ᠢ ᠪᠠᠲᠤᠯᠠᠬᠤ ᠬᠡᠷᠡᠭᠲᠡᠢ᠃ | ᠳᠥᠷᠪᠡᠳᠦᠭᠡᠷ ᠪᠦᠯᠦᠭ᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ | ᠠᠷᠪᠠᠨ ᠨᠢᠭᠡᠳᠦᠭᠡᠷ ᠵᠤᠷᠪᠤᠰ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠦᠬᠦᠭᠡᠷᠤᠮᠵᠢ ᠶᠢ ᠬᠠᠮᠢᠶᠠᠷᠴᠤ | ᠬᠠᠮᠠᠭᠠᠯᠠᠬᠤ ᠪᠡᠯᠡ ᠮᠥᠩᠭᠦ ᠶᠢ ᠳᠣᠣᠷᠠᠬᠢ ᠠᠷᠭ᠎ᠠ ᠵᠠᠮ ᠢᠶᠠᠷ ᠰᠢᠢᠳᠪᠦᠷᠢᠯᠡᠵᠦ ᠪᠣᠯᠣᠨ᠎ᠠ᠃ | ︵ᠨᠢᠭᠡ︶᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠬᠢᠵᠦ ᠬᠤᠷᠢᠶᠠᠭᠰᠠᠨ | ᠤᠰᠤᠨ ᠤ ᠰᠦᠢᠳᠬᠡᠯ ᠤᠨ ᠣᠷᠣᠯᠭ᠎ᠠ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠤᠯᠢ ᠴᠠᠭᠠᠵᠠ ᠳᠤ | ᠲᠣᠭᠲᠠᠭᠠᠭᠰᠠᠨ ᠬᠡᠪᠴᠢᠶᠡᠨ ᠳᠣᠲᠣᠷ᠎ᠠ ᠬᠤᠷᠢᠶᠠᠭᠰᠠᠨ ᠴᠠᠬᠢᠯᠭᠠᠨ ᠤ ᠰᠦᠢᠳᠬᠡᠯ ᠤᠨ ᠦᠨ᠎ᠡ ᠶᠢᠨ ᠵᠥᠷᠢᠶ᠎ᠡ ᠪᠠ | ᠵᠣᠬᠢᠬᠤ ᠬᠠᠷᠢᠴᠠᠯ ᠢᠶᠠᠷ ᠭᠠᠷᠭᠠᠨ ᠠᠪᠤᠭᠰᠠᠨ ᠰᠦᠢᠳᠬᠡᠯ ᠢᠶᠠᠷ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠪᠣᠯᠭᠠᠨ | ᠬᠡᠷᠡᠭᠯᠡᠵᠦ ᠪᠣᠯᠣᠨ᠎ᠠ᠃ | ︵ᠬᠤᠶᠠᠷ︶᠂ ᠲᠣᠭᠲᠠᠭᠠᠯ ᠶᠣᠰᠣᠭᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠨ᠎ᠡ | ᠨᠡᠮᠡᠭᠳᠡᠭᠰᠡᠨ ᠲᠠᠷᠢᠶᠠᠨ ᠭᠠᠵᠠᠷ ᠢ ᠲᠠᠭᠠᠭᠠᠴᠢᠯᠠᠬᠤ᠂ ᠲᠦᠷᠢᠶᠡᠰᠤᠯᠡᠭᠦᠯᠬᠦ ᠣᠷᠣᠯᠭ᠎ᠠ᠂ ︽ᠨᠢᠭᠡ ᠬᠡᠷᠡᠭ ᠢ ᠨᠢᠭᠡ | ᠵᠥᠪᠯᠡᠬᠦ︾ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠣᠷᠣᠭᠤᠯᠤᠭᠰᠠᠨ ᠬᠦᠴᠦ | ᠬᠥᠳᠡᠯᠮᠦᠷᠢ ᠶᠢᠨ ᠤᠷᠤᠯᠭ᠎ᠠ ᠪᠠᠷ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠪᠣᠯᠭᠠᠨ ᠬᠡᠷᠡᠭᠯᠡᠵᠦ ᠪᠣᠯᠣᠨ᠎ᠠ᠃ | ︵ᠭᠤᠷᠪᠠ︶᠂ ᠲᠥᠷᠥᠯ ᠵᠦᠢᠯ ᠤᠨ ᠲᠣᠭᠤᠷᠢᠭ ᠤᠨ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠬᠢᠨ ︽ | ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠠᠰ ᠳᠠᠷᠠᠭᠠᠯᠠᠯ ᠢᠶᠠᠷ ᠳᠡᠮᠵᠢᠨ᠂ ᠬᠠᠮᠲᠤ ᠶᠢᠨ ᠠᠵᠤ | ᠠᠬᠤᠢ ᠶᠢᠨ ᠠᠰᠢᠭ ᠣᠷᠣᠯᠭ᠎ᠠ ᠶᠢᠨ ᠳᠣᠲᠣᠷ᠎ᠠ ᠠᠴᠠ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠬᠠᠮᠢᠶᠠᠷᠴᠤ | ᠬᠠᠮᠠᠭᠠᠯᠠᠬᠤ ᠪᠡᠯᠡ ᠮᠥᠩᠭᠦ ᠪᠤᠯᠭᠠᠨ ᠵᠢᠭᠰᠠᠭᠠᠨ ᠭᠠᠷᠭᠠᠵᠤ ᠪᠣᠯᠣᠨ᠎ᠠ᠃ | ︵ᠳᠥᠷᠪᠡ︶᠂ ᠰᠤᠮᠤ ᠪᠠᠯᠭᠠᠰᠤ ︵ᠲᠠᠯᠠᠪᠠᠶ︶᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠬᠢᠨ ᠬᠠᠤᠯᠢ | ᠶᠣᠰᠣᠭᠠᠷ ᠣᠯᠣᠭᠰᠠᠨ ᠨᠡᠶᠢᠭᠡᠮ ᠤᠨ ᠪᠡᠯᠡᠭᠯᠡᠨ ᠬᠦᠷᠭᠡᠭᠰᠡᠨ ᠵᠡᠷᠭᠡ ᠣᠷᠣᠯᠭ᠎ᠠ ᠪᠠᠷ ᠬᠠᠮᠢᠶᠠᠷᠴᠤ ᠬᠠᠮᠠᠭᠠᠯᠠᠬᠤ ᠪᠡᠯᠡ | ᠮᠥᠩᠭᠦ ᠪᠣᠯᠭᠠᠨ ᠬᠡᠷᠡᠭᠯᠡᠵᠦ ᠪᠣᠯᠣᠨ᠎ᠠ᠃ | ︵ᠲᠠᠪᠤ︶ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠤᠨ ᠲᠣᠭᠤᠷᠢᠭ ᠤᠨ ᠰᠤᠮᠤ | ᠪᠠᠯᠭᠠᠰᠤ ︵ᠲᠠᠯᠠᠪᠠᠶ︶᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠬᠢᠨ ᠪᠠᠷᠢᠯᠭ᠎ᠠ ᠶᠢᠨ ᠶᠠᠰᠤ ᠴᠢᠨᠠᠷ ᠢᠶᠠᠷ | ᠳᠠᠭᠠᠳᠬᠠᠯ ᠳᠤ ᠣᠷᠣᠯᠴᠠᠬᠤ ᠵᠡᠷᠭᠡ ᠠᠷᠭ᠎ᠠ ᠬᠡᠮᠵᠢᠶ᠎ᠡ ᠪᠠᠷ ᠳᠡᠮᠵᠢᠨ᠂ ᠳᠠᠭᠠᠳᠬᠠᠯ ᠬᠢᠭᠰᠡᠨ ᠺᠣᠮᠫᠠᠨᠢ ᠶᠢ ᠨᠠᠶᠢᠳᠠᠵᠤ | ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠶᠢ ᠡᠭᠦᠷᠭᠡᠯᠡᠭᠦᠯᠵᠦ ᠪᠤᠯᠤᠨ᠎ᠠ᠃ | ᠠᠷᠪᠠᠨ ᠬᠤᠶᠠᠳᠤᠭᠠᠷ ᠵᠤᠷᠪᠤᠰ᠂ ᠬᠡᠷᠪᠡ ᠡᠰᠡᠷᠭᠦᠴᠡᠰᠢ ᠦᠭᠡᠢ ᠬᠦᠴᠦᠨ ᠵᠦᠢᠯ ᠠᠴᠠ ᠪᠣᠯᠵᠤ ᠲᠦᠬᠦᠭᠡᠷᠤᠮᠵᠢ | ᠡᠪᠳᠡᠭᠳᠡᠪᠡᠯ᠂ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠬᠠᠢ ᠪᠡᠯᠡ ᠮᠥᠩᠭᠦ | ᠭᠤᠶᠤᠴᠢᠯᠠᠬᠤ ᠪᠤᠶᠤ ᠬᠤᠰᠢᠭᠤᠨ ᠠᠷᠠᠳ ᠤᠨ ᠵᠠᠰᠠᠭ ᠤᠨ ᠣᠷᠳᠣᠨ ᠠᠴᠠ ᠲᠣᠰ ᠱᠠᠲᠤᠨ ᠤ ᠡᠳ᠋ ᠤᠨ ᠵᠠᠰᠠᠭ ᠤᠨ | ᠲᠥᠰᠥᠪ ᠲᠤ ᠵᠢᠭᠰᠠᠭᠠᠨ ᠤᠷᠤᠭᠤᠯᠬᠤ ᠬᠡᠯᠪᠡᠷᠢ ᠪᠠᠷ ᠰᠡᠯᠪᠢᠨ ᠵᠠᠰᠠᠬᠤ ᠪᠡᠯᠡ ᠮᠥᠩᠭᠦ ᠶᠢ ᠰᠢᠢᠳᠪᠦᠷᠢᠯᠡᠨ᠎ᠡ᠃ | ᠠᠷᠪᠠᠨ ᠭᠤᠷᠪᠠᠳᠤᠭᠠᠷ ᠵᠤᠷᠪᠤᠰ᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠪᠠᠷᠢᠯᠭ᠎ᠠ ᠶᠢᠨ ᠲᠦᠬᠦᠭᠡᠷᠤᠮᠵᠢ ᠶᠢ | ᠬᠡᠷᠡᠭᠯᠡᠬᠦ ᠬᠤᠭᠤᠴᠠᠭᠠᠨ ᠲᠠᠬᠢ ᠡᠳᠦᠷ ᠲᠤᠳᠤᠮ ᠤᠨ ᠰᠡᠯᠪᠢᠨ ᠵᠠᠰᠠᠬᠤ ᠵᠢᠴᠢ ᠬᠠᠮᠢᠶᠠᠷᠴᠤ ᠬᠠᠮᠠᠭᠠᠯᠠᠬᠤ ᠠᠵᠢᠯᠲᠠᠨ | ᠤ ᠬᠥᠯᠥᠰᠦ ᠣᠯᠭᠤᠮᠵᠢ᠂ ᠴᠢᠬᠤᠯᠠ ᠪᠦᠬᠦᠢ ᠵᠢᠵᠢᠭ ᠬᠡᠯᠪᠡᠷᠢ ᠶᠢᠨ ᠲᠥᠭᠦᠮ ᠬᠠᠮᠢᠶᠠᠷᠴᠤ ᠬᠠᠮᠠᠭᠠᠯᠠᠬᠤ ᠪᠠᠭᠠᠵᠢ | ᠬᠡᠷᠡᠭᠰᠡᠯ ᠪᠣᠯᠣᠨ ᠠᠵᠢᠯᠯᠠᠭᠠᠨ ᠢ ᠬᠢᠨᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ ᠵᠡᠷᠭᠡ ᠲᠤ | ᠬᠡᠷᠡᠭᠯᠡᠵᠦ ᠪᠣᠯᠣᠨ᠎ᠠ᠃ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ᠲᠣᠭᠲᠠᠭᠠᠯ | ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠬᠢᠨᠠᠨ ᠪᠤᠳᠤᠬᠤ ᠵᠢᠴᠢ ᠣᠯᠠᠨ ᠲᠦᠮᠡᠨ ᠤ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ᠂ ᠬᠤᠯᠪᠣᠭᠳᠠᠯ ᠪᠦᠬᠦᠢ ᠬᠠᠷᠢᠭᠤᠴᠠᠯᠭ᠎ᠠ | ᠠᠷᠪᠠᠨ ᠳᠥᠷᠪᠡᠳᠦᠭᠡᠷ ᠵᠤᠷᠪᠤᠰ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠦᠬᠦᠭᠡᠷᠤᠮᠵᠢ ᠶᠢ ᠮᠠᠭᠤ | ᠰᠠᠨᠠᠭ᠎ᠠ ᠲᠠᠢ ᠪᠠᠷ ᠡᠪᠳᠡᠨ ᠰᠦᠢᠳᠬᠡᠭᠰᠡᠨ᠂ ᠬᠤᠯᠠᠭᠠᠶᠢᠯᠠᠭᠰᠠᠨ᠂ ᠭᠠᠯ ᠲᠠᠯᠪᠢᠵᠤ ᠠᠲᠠᠷ ᠭᠠᠵᠠᠷ ᠢ ᠰᠢᠲᠠᠭᠠᠭᠰᠠᠨ | ᠵᠡᠷᠭᠡ ᠵᠣᠷᠢᠭᠤᠳᠠ ᠭᠠᠯ ᠤᠨ ᠠᠶᠤᠯ ᠡᠭᠦᠰᠬᠡᠭᠡᠳ᠂ ᠲᠠᠷᠢᠶᠠᠯᠠᠩ ᠤᠨ ᠬᠠᠯᠬᠠᠪᠴᠢ ᠤᠢ ᠰᠢᠭᠤᠢ᠂ ᠬᠤᠳᠳᠤᠭ ᠤᠨ | ᠭᠡᠷ᠂ ᠴᠠᠬᠢᠯᠭᠠᠨ ᠬᠦᠷᠭᠡᠬᠦ ᠬᠡᠯᠬᠢᠶ᠎ᠡ ᠵᠡᠷᠭᠡ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠦᠬᠦᠭᠡᠷᠤᠮᠵᠢ ᠶᠢ | ᠬᠤᠬᠢᠷᠠᠭᠤᠯᠤᠭᠰᠠᠨ ᠪᠠ ᠳᠡᠯᠪᠡᠴᠢᠭᠰᠡᠨ ᠠᠴᠠ ᠪᠣᠯᠣᠭᠠᠳ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠲᠦᠬᠦᠭᠡᠷᠤᠮᠵᠢ ᠶᠢᠨ ᠠᠮᠤᠷ ᠲᠦᠪᠰᠢᠨ ᠢ ᠡᠪᠳᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠤ | ᠬᠡᠷᠡᠭ ᠮᠡᠳᠡᠭᠦᠯᠵᠦ ᠰᠢᠢᠳᠪᠦᠷᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠤᠷᠪᠤᠰ᠂ ᠤᠰᠤᠯᠠᠬᠤ ᠤᠰᠤ ᠵᠠᠯᠠᠬᠤ ᠰᠤᠪᠠᠭ᠂ ᠲᠠᠷᠢᠶᠠᠨ ᠵᠠᠮ᠂ ᠲᠠᠷᠢᠶᠠᠯᠠᠩ ᠤᠨ ᠬᠠᠯᠬᠠᠪᠴᠢ | ᠤᠢ ᠳᠤ ᠲᠠᠷᠢᠶᠠᠯᠠᠬᠤ ᠪᠤᠶᠤ ᠮᠠᠯ ᠬᠠᠷᠢᠭᠤᠯᠬᠤ᠂ ᠬᠠᠶᠢᠷ ᠴᠢᠯᠠᠭᠤ᠂ ᠰᠢᠪᠠᠷ ᠰᠢᠷᠣᠢ᠂ ᠬᠤᠭ ᠨᠣᠪᠰᠢ ᠣᠪᠣᠭᠠᠯᠠᠵᠤ | ᠲᠠᠯᠪᠢᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠦᠬᠦᠭᠡᠷᠤᠮᠵᠢ ᠶᠢ ᠬᠠᠷᠰᠢᠯᠠᠭᠰᠠᠨ ᠪᠠᠷᠢᠯᠭ᠎ᠠ᠂ | ᠪᠠᠷᠢᠯᠭ᠎ᠠ ᠶᠢᠨ ᠵᠦᠢᠯ᠂ ᠤᠰᠤ ᠵᠠᠯᠠᠬᠤ ᠤᠰᠤᠯᠠᠯᠲᠠ ᠶᠢᠨ ᠰᠤᠪᠠᠭ᠂ ᠲᠠᠷᠢᠶᠠᠨ ᠵᠠᠮ᠂ ᠬᠠᠯᠬᠠᠪᠴᠢ ᠤᠢ ᠶᠢ ᠬᠠᠤᠯᠢ | ᠪᠤᠰᠤ ᠪᠠᠷ ᠡᠵᠡᠯᠡᠬᠦ᠂ ᠬᠤᠳᠳᠤᠭ ᠮᠠᠯᠲᠠᠬᠤ᠂ ᠰᠢᠷᠣᠢ ᠠᠪᠬᠤ ᠠᠴᠠ ᠪᠣᠯᠣᠭᠠᠳ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠲᠦᠬᠦᠭᠡᠷᠤᠮᠵᠢ ᠶᠢᠨ ᠠᠮᠤᠷ ᠲᠦᠪᠰᠢᠨ ᠢ ᠬᠤᠬᠢᠷᠠᠭᠤᠯᠤᠭᠰᠠᠨ᠂ ᠲᠠᠷᠢᠶᠠᠯᠠᠩ ᠤᠨ ᠬᠠᠯᠬᠠᠪᠴᠢ | ᠤᠢ ᠶᠢ ᠳᠤᠷ᠎ᠠ ᠪᠠᠷ ᠢᠶᠠᠨ ᠣᠭᠲᠣᠯᠣᠭᠰᠠᠨ ᠪᠣᠯ ᠲᠥᠷᠥᠯ ᠵᠦᠢᠯ ᠤᠨ ᠲᠣᠭᠤᠷᠢᠭ ᠤᠨ ᠰᠤᠮᠤ ᠪᠠᠯᠭᠠᠰᠤ ︵ᠲᠠᠯᠠᠪᠠᠢ︶ | ᠲᠤ ᠮᠡᠳᠡᠭᠦᠯᠬᠦ ᠬᠡᠷᠡᠭᠳᠠᠢ᠂ ᠪᠠᠶᠢᠭ᠎ᠠ ᠭᠠᠵᠠᠷ ᠤᠨ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠠᠴᠠ ᠰᠢᠳᠭᠡᠨ᠎ᠡ᠂ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠡᠷᠡᠭᠦᠦ ᠶᠢᠨ ᠬᠠᠷᠢᠭᠤᠴᠠᠯᠭ᠎ᠠ ᠲᠠᠢ | ᠬᠤᠯᠪᠣᠭᠳᠠᠭᠰᠠᠨ ᠪᠤᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | | ᠠᠷᠪᠠᠨ ᠵᠢᠷᠭᠤᠳᠤᠭᠠᠷ ᠵᠤᠷᠪᠤᠰ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠬᠢᠨ ᠵᠥᠪᠯᠡᠯᠴᠡᠭᠡᠷ ᠤᠨ ᠪᠣᠯᠵᠤᠭ᠎ᠠ | ᠶᠣᠰᠣᠭᠠᠷ ᠡᠭᠦᠷᠭᠡ ᠪᠠᠨ ᠭᠦᠢᠴᠡᠳᠬᠡᠭᠰᠡᠨ ᠦᠭᠡᠢ᠂ ᠬᠠᠮᠢᠶᠠᠷᠴᠤ ᠬᠠᠮᠠᠭᠠᠯᠠᠬᠤ ᠠᠵᠢᠯ ᠢ ᠪᠣᠳᠠᠲᠠᠶᠢᠵᠢᠭᠤᠯᠤᠭᠰᠠᠨ | ᠦᠭᠡᠢ ᠠᠴᠠ ᠪᠤᠯᠵᠦ᠂ ᠪᠠᠷᠢᠯᠭ᠎ᠠ ᠶᠢᠨ ᠦᠷ᠎ᠡ ᠠᠰᠢᠭ ᠢ ᠪᠠᠳᠠᠷᠠᠭᠤᠯᠬᠤ ᠶᠢ ᠨᠥᠯᠥᠭᠡᠯᠡᠭᠰᠡᠨ ᠪᠠᠶᠢᠪᠠᠯ᠂ ᠵᠦᠪᠯᠡᠯᠴᠡᠭᠡᠷ | ᠶᠣᠰᠣᠭᠠᠷ ᠲᠥᠯᠥᠭᠦᠯᠬᠦ ᠶᠢᠨ ᠬᠠᠮᠲᠤ ᠵᠥᠪᠯᠡᠯᠴᠡᠭᠡᠷ ᠢ ᠨᠢ ᠵᠣᠭᠰᠣᠭᠠᠵᠤ ᠬᠠᠮᠢᠶᠠᠷᠴᠤ ᠬᠠᠮᠠᠭᠠᠯᠠᠬᠤ ᠭᠤᠣᠯ | ᠴᠣᠭᠴᠠ ᠶᠢ ᠴᠠᠭ ᠲᠤᠬᠠᠢ ᠲᠤᠨᠢ ᠰᠣᠯᠢᠬᠤ ᠬᠡᠷᠡᠭᠲᠡᠢ᠃ | ᠠᠷᠪᠠᠨ ᠳᠣᠯᠣᠳᠤᠭᠠᠷ ᠵᠤᠷᠪᠤᠰ᠂ ᠬᠢᠨᠠᠯᠲᠠ ᠲᠠᠯᠪᠢᠵᠤ ᠵᠢᠯᠤᠭᠤᠳᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠭᠰᠡᠨ ᠦᠭᠡᠢ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠭᠰᠡᠨ ᠦᠭᠡᠢ | ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠷᠭᠤᠳᠤᠭᠠᠷ ᠪᠦᠯᠦᠭ᠂ ᠲᠠᠭᠠᠯᠳᠤᠭᠤᠯᠤᠭᠰᠠᠨ ᠳᠦᠷᠢᠮ | ᠠᠷᠪᠠᠨ ᠨᠠᠢᠮᠠᠳᠤᠭᠠᠷ ᠵᠤᠷᠪᠤᠰ᠂ ᠲᠤᠰ ᠠᠷᠭ᠎ᠠ ᠶᠢ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠪᠦᠲᠦᠭᠡᠨ ᠪᠠᠶᠢᠭᠤᠯᠵᠤ᠂ ᠬᠠᠮᠢᠶᠠᠷᠴᠤ ᠪᠠᠶᠢᠭ᠎ᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠲᠦᠬᠦᠭᠡᠷᠤᠮᠵᠢ ᠳᠤ ᠲᠤᠬᠢᠷᠠᠬᠤ ᠦᠭᠡᠢ᠃ | ᠠᠷᠪᠠ ᠶᠢᠰᠦᠳᠦᠭᠡᠷ ᠵᠤᠷᠪᠤᠰ᠂ ᠲᠣᠰ ᠠᠷᠭ᠎ᠠ ᠶᠢ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠤᠰᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠣᠰ ᠠᠷᠭ᠎ᠠ ᠨᠢ ᠬᠠᠤᠯᠢ ᠲᠣᠭᠲᠠᠭᠠᠯ | ᠵᠢᠴᠢ ᠳᠡᠭᠡᠳᠦ ᠱᠠᠲᠤᠨ ᠤ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠬᠠᠤᠯᠢ ᠲᠣᠭᠲᠠᠭᠠᠯ ᠵᠢᠴᠢ ᠳᠡᠭᠡᠳᠦ | ᠱᠠᠲᠤᠨ ᠤ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠳᠤᠭᠠᠷ ᠵᠤᠷᠪᠤᠰ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠣᠨ᠎ᠠ᠃ | | |