ᠣᠶᠢᠷ᠎ᠠ ᠳᠤ᠂ ᠦᠯᠵᠡᠶᠢᠮᠦ᠋ᠷᠡᠨ ᠰᠤᠮᠤ ᠰᠤᠷᠭᠠᠭᠤᠯᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠥᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠰᠤᠷᠭᠠᠭᠤᠯᠢ ᠶᠢᠨ ᠭᠠᠯ | ᠤᠨᠲᠠᠷᠠᠭᠠᠬᠤ ᠲᠥᠬᠦᠭᠡᠷᠦᠮᠵᠢ᠂ ᠠᠮᠤᠷ ᠲᠦᠪᠰᠢᠨ ᠤ ᠵᠠᠮ᠂ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠭᠦᠷ᠂ | ᠠᠮᠤᠷ ᠢ ᠬᠠᠮᠠᠭᠠᠯᠠᠬᠤ ᠲᠣᠬᠢᠷᠠᠭᠤᠯᠤᠯᠲᠠ᠂ ᠠᠮᠤᠷ ᠢ ᠬᠠᠮᠠᠭᠠᠯᠠᠬᠤ ᠪᠠᠭᠠᠵᠢ ᠬᠡᠷᠡᠭᠰᠡᠯ ᠵᠢᠴᠢ ᠠᠮᠤᠷ ᠲᠦᠪᠰᠢᠨ ᠤ | ᠳᠦᠷᠢᠮ ᠢ ᠲᠣᠭᠲᠠᠭᠠᠨ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ | ᠪᠥᠭᠡᠳ ᠰᠤᠷᠭᠠᠭᠤᠯᠢ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠥᠷᠨᠢᠭᠦᠯᠵᠦ᠂ ︽ | ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠦᠷᠳᠡᠭᠦᠯᠦᠯ ᠢ ᠡᠰᠡᠷᠭᠦᠴᠡᠬᠦ᠂ ᠭᠠᠯ ᠤᠨᠲᠠᠷᠠᠭᠠᠬᠤ ᠵᠡᠷᠭᠡ | ᠪᠠᠴᠢᠮ ᠪᠠᠶᠢᠳᠠᠯ ᠢ ᠠᠷᠭᠠᠴᠠᠭᠠᠬᠤ ᠪᠦᠷᠢᠨ ᠲᠡᠭᠦᠯᠳᠡᠷ ᠪᠡᠯᠡᠳᠬᠡᠯ ᠲᠥᠰᠥᠯ ᠲᠣᠭᠲᠠᠭᠠᠨ᠂ ᠰᠤᠷᠤᠭᠴᠢᠳ ᠤᠨ ᠠᠮᠤᠷ | ᠲᠦᠪᠰᠢᠨ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | | | |