| ︽ᠭᠡᠷᠡᠯ ᠴᠠᠬᠢᠯᠭᠠᠨ︾ ᠢᠶᠠᠷ ᠪᠠᠶᠠᠵᠢᠵᠤ᠂ ︽ᠡᠨᠧᠷᠭᠢ︾ ᠪᠠᠷ ᠬᠥᠭᠵᠢᠭᠦᠯᠵᠦ᠂ ︽ᠴᠠᠬᠢᠯᠭᠠᠨ ᠭᠠᠷᠭᠠᠬᠤ︾ | ᠪᠠᠷ ᠠᠷᠭ᠎ᠠ ᠤᠬᠠᠭᠠᠨ ᠪᠣᠯᠭᠠᠵᠤ᠂ ︽ᠠᠵᠤ ᠠᠬᠤᠢ︾ ᠶᠢᠨ ᠵᠠᠮ ᠢ ᠨᠡᠬᠡᠬᠡᠪᠡ᠃ ᠵᠠᠷᠤᠳ ᠬᠤᠰᠢᠭᠤᠨ ᠤ ᠳᠣᠯᠣᠲᠤ | ᠰᠤᠮᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠤ ᠬᠥᠭᠵᠢᠯ ᠴᠡᠴᠡᠭᠯᠡᠯ ᠢ ᠠᠬᠢᠭᠤᠯᠬᠤ ᠪᠦᠲᠦᠮᠵᠢᠲᠡᠢ ᠰᠢᠵᠢᠮ | ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠠᠨ ᠡᠰᠢᠲᠦ ᠬᠥᠭᠵᠢᠯᠲᠡ ᠶᠢᠨ ᠵᠠᠭᠪᠤᠷ ᠢ ᠢᠳᠡᠪᠬᠢᠲᠡᠢ | ᠰᠦᠪᠡᠭᠴᠢᠯᠡᠵᠦ᠂ ᠭᠡᠷᠡᠯ ᠢᠶᠠᠷ ᠴᠠᠬᠢᠯᠭᠠᠨ ᠭᠠᠷᠭᠠᠬᠤ ᠠᠵᠤ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢ ᠨᠡᠬᠡᠬᠡᠪᠡ᠃ | | | ᠣᠶᠢᠷ᠎ᠠ ᠶᠢᠨ ᠡᠳᠦᠷ ᠤᠳ ᠲᠤ᠂ ᠳᠣᠯᠣᠲᠤ ᠰᠤᠮᠤᠨ ᠤ ᠪᠦᠬᠦ ᠲᠣᠰᠬᠤᠨ ᠢᠶᠠᠷ ᠢᠶᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢᠳᠡ ᠬᠦᠴᠦᠨ ᠲᠠᠢ | ᠶᠠᠪᠤᠭᠳᠠᠵᠤ ᠪᠤᠢ᠃ ᠠᠮᠤᠷ ᠲᠦᠪᠰᠢᠨ ᠤ ᠮᠠᠯᠠᠭᠠᠢ ᠵᠡᠭᠦᠭᠰᠡᠨ ᠠᠵᠢᠯᠴᠢᠳ ᠪᠥᠬᠦ ᠰᠡᠳᠬᠢᠯ ᠪᠥᠬᠦ ᠵᠣᠷᠢᠭ ᠢᠶᠠᠷ ᠢᠶᠠᠨ | ᠠᠵᠢᠯᠯᠠᠵᠤ ᠪᠠᠶᠢᠨ᠎ᠠ᠂ ᠵᠠᠷᠢᠮ ᠨᠢ ᠨᠡᠷᠡᠨ ᠤ ᠡᠨᠧᠷᠭᠢ ᠶᠢᠨ ᠲᠣᠨᠣᠭᠯᠠᠯ ᠤᠨ ᠲᠤᠯᠭᠠᠭᠤᠷᠢ ᠰᠠᠭᠤᠷᠢ ᠶᠢ ᠴᠢᠳᠬᠤᠵᠤ | ᠪᠠᠶᠢᠨ᠎ᠠ᠂ ᠵᠠᠷᠢᠮ ᠨᠢ ᠨᠡᠷᠡᠨ ᠤ ᠡᠨᠧᠷᠭᠢ ᠶᠢᠨ ᠬᠠᠪᠲᠠᠰᠤ ᠤᠭᠰᠠᠷᠠᠵᠤ ᠪᠠᠶᠢᠨ᠎ᠠ᠂ ᠵᠠᠷᠢᠮ ᠨᠢ ᠰᠥᠷᠬᠦ | ᠬᠤᠪᠢᠷᠠᠭᠠᠭᠤᠷ ᠤᠭᠰᠠᠷᠠᠵᠤ ᠪᠠᠶᠢᠨ᠎ᠠ᠂ ᠠᠬᠤᠢ ᠲᠠᠯᠠᠪᠠᠢ ᠶᠢᠨ ᠶᠠᠭᠠᠷᠠᠯᠲᠠᠢ ᠪᠠᠶᠢᠳᠠᠯ ᠢᠯᠡᠷᠡᠵᠦ ᠪᠠᠶᠢᠨ᠎ᠠ᠃ | ︽ᠢᠨᠵᠧᠨᠧᠷᠢᠩ ᠢ 9 ᠰᠠᠷ᠎ᠠ ᠶᠢᠨ 15 ᠤ ᠡᠳᠦᠷ ᠠᠴᠠ ᠡᠬᠢᠯᠡᠨ᠂ ᠣᠳᠣ ᠪᠣᠯᠲᠠᠯ᠎ᠠ ᠲᠤᠯᠭᠠᠭᠤᠷᠢ ᠪᠣᠰᠬᠠᠬᠤ | ᠂ ᠬᠦᠷᠢᠶ᠎ᠡ ᠲᠠᠲᠠᠬᠤ ᠠᠵᠢᠯ ᠢ ᠴᠥᠮ ᠦᠨᠳᠦᠰᠦᠨ ᠳᠡᠭᠡᠨ ᠤᠭᠰᠠᠷᠠᠵᠤ ᠳᠠᠭᠤᠰᠬᠠᠭᠠᠳ᠂ ᠣᠳᠣ ᠶᠠᠭ ᠭᠡᠷᠡᠯ | ᠢᠯᠴᠢᠲᠦ ᠬᠠᠪᠳᠠᠰᠤ ᠶᠢ ᠲᠠᠭᠠᠷᠠᠭᠤᠯᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 12 ᠰᠠᠷ᠎ᠠ ᠶᠢᠨ ᠳᠤᠮᠳᠠᠴᠢ ᠪᠠᠷ | ᠠᠰᠢᠭᠯᠠᠯᠲᠠ ᠳᠤ ᠣᠷᠣᠭᠤᠯᠬᠤ ᠪᠣᠯᠣᠨ᠎ᠠ᠃︾ ᠭᠡᠵᠦ ᠲᠦᠷᠦᠯ ᠵᠦᠢᠯ ᠤᠨ ᠠᠬᠤᠢ ᠲᠠᠯᠠᠪᠠᠢ ᠶᠢᠨ ᠬᠠᠷᠢᠭᠤᠴᠠᠯᠭᠠᠲᠠᠨ | ᠵᠠᠩ ᠶᠦᠨ ᠯᠦᠩ ᠬᠡᠯᠡᠪᠡ᠃ | | | ᠳᠣᠯᠣᠲᠤ ᠰᠤᠮᠤ ᠡᠯᠪᠡᠭ ᠳᠡᠯᠪᠡᠭ ᠲᠠᠯ᠎ᠠ ᠭᠠᠵᠠᠷ ᠬᠠᠳᠤᠯᠠᠩ ᠪᠡᠯᠴᠢᠭᠡᠷ ᠲᠠᠢ ᠪᠣᠯᠬᠤᠷ ᠭᠡᠷᠡᠯ ᠤᠨ | ᠲᠤᠰᠤᠯᠲᠠ ᠶᠢᠨ ᠨᠥᠬᠦᠴᠡᠯ ᠢᠶᠠᠷ ᠰᠠᠶᠢᠨ᠃ ᠡᠬᠢ ᠪᠠᠶᠠᠯᠢᠭ ᠤᠨ ᠳᠠᠪᠠᠭᠤᠯᠢᠭ ᠢ ᠪᠦᠲᠦᠮᠵᠢᠲᠡᠶ ᠠᠰᠢᠭᠯᠠᠬᠤ ᠶᠢᠨ | ᠲᠥᠯᠥᠭᠡ᠂ ᠲᠣᠰ ᠰᠤᠮᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠥᠬᠦ ᠲᠣᠰᠬᠤᠨ ᠢᠶᠠᠷ ᠢᠶᠠᠨ | ᠬᠥᠳᠡᠭᠡ ᠲᠣᠰᠬᠤᠨ ᠢ ᠬᠠᠪᠰᠤᠷᠤᠨ ᠲᠡᠳᠬᠦᠬᠦ ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ | ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠢ ᠳᠡᠮᠵᠢᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠤᠢ | ᠃ | ᠴᠠᠭᠠᠨᠲᠣᠯᠣᠭᠠᠢ ᠭᠠᠴᠠᠭ᠎ᠠ ᠶᠢᠨ ᠮᠠᠯᠴᠢᠨ ᠵᠠᠨ᠎ᠠ ᠶᠢᠨ ᠬᠢᠨ ᠳᠤ 160 ᠮᠦ ᠰᠤᠯᠠ ᠬᠠᠳᠤᠯᠠᠩ ᠪᠡᠯᠴᠢᠭᠡᠷ ᠲᠠᠢ᠂ | ᠰᠤᠮᠤ ᠶᠢᠨ ᠬᠢᠨ ᠭᠡᠷᠡᠯ ᠢᠶᠠᠷ ᠴᠠᠬᠢᠯᠭᠠᠨ ᠭᠠᠷᠠᠭᠠᠬᠤ ᠲᠦᠷᠦᠯ ᠵᠦᠢᠯ ᠢ ᠣᠷᠣᠭᠤᠯᠬᠤ ᠭᠡᠵᠦ ᠪᠠᠶᠢᠬᠤ ᠶᠢ | ᠰᠣᠨᠣᠰᠤᠮᠠᠭᠴᠠ ᠲᠡᠷᠡ ᠥᠪᠡᠷ ᠤᠨ ᠰᠤᠯᠠ ᠬᠠᠳᠤᠯᠠᠩ ᠪᠡᠯᠴᠢᠭᠡᠷ ᠢᠶᠠᠨ ᠡᠷᠭᠢᠯᠲᠡ ᠳᠤ ᠣᠷᠣᠭᠤᠯᠪᠠ᠂ ᠡᠨᠡ ᠨᠢ | ᠰᠤᠯᠠ ᠪᠠᠶᠢᠭ᠎ᠠ ᠬᠠᠳᠤᠯᠠᠩ ᠪᠡᠯᠴᠢᠭᠡᠷ ᠢᠶᠠᠨ ︽ᠬᠠᠶᠠᠭᠳᠠᠮᠠᠯ ᠪᠠᠶᠢᠭᠰᠠᠨ ᠠᠴᠠ ᠡᠷᠳᠡᠨᠢ ᠪᠣᠯᠭᠠᠬᠤ︾ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠲᠤᠬᠠᠢ ᠶᠢᠨ ᠭᠠᠵᠠᠷ ᠤᠨ ᠮᠠᠯᠴᠢᠳ ᠤᠨ ᠪᠠᠶᠠᠵᠢᠨ ᠴᠢᠨᠡᠭᠡᠯᠢᠭᠵᠢᠬᠦ᠂ | ᠭᠠᠴᠠᠭ᠎ᠠ ᠶᠢᠨ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠳᠤ ︽ᠡᠳ᠋ ᠮᠥᠩᠭᠦᠨ ᠤ ᠢᠷᠡᠯᠲᠡ ᠶᠢ | ᠲᠣᠭᠲᠠᠪᠤᠷᠢᠵᠢᠭᠤᠯᠬᠤ︾ ᠶᠢ ᠬᠠᠩᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ︽ᠪᠣᠬᠢᠷᠲᠤᠯ | ᠦᠭᠡᠢ ᠬᠥᠳᠡᠯᠭᠡᠬᠦ ᠬᠦᠴᠦᠨ︾ ᠢ ᠬᠠᠩᠭᠠᠪᠠ᠃ | ᠲᠠᠨᠢᠯᠴᠠᠭᠤᠯᠤᠭᠰᠠᠨ ᠢᠶᠠᠷ᠂ ᠳᠣᠯᠣᠲᠤ ᠰᠤᠮᠤ ᠪᠥᠬᠦ ᠲᠣᠰᠬᠤᠨ ᠢᠶᠠᠷ ᠢᠶᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ ᠨᠡᠶᠢᠲᠡ 2500 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠨᠢ 5 ᠰᠠᠶ᠎ᠠ ᠸᠠᠲ | ᠪᠠᠶᠢᠵᠤ᠂ ᠨᠢᠭᠡ ᠢᠵᠢ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠰᠢᠰᠲ᠋ᠧᠮ ᠢ ᠢᠵᠢ ᠪᠦᠷᠢᠳᠦᠭᠦᠯᠦᠨ ᠪᠠᠶᠢᠭᠤᠯᠵᠤ᠂ | ᠡᠨᠡ ᠵᠢᠯ ᠤᠨ 12 ᠰᠠᠷ᠎ᠠ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠠᠶᠢᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 900 | ᠲᠦᠮᠡᠨ ᠺᠢᠯᠣᠸᠠᠲ ᠬᠦᠷᠴᠦ᠂ ᠵᠢᠯ ᠪᠦᠷᠢ ᠪᠠᠷᠤᠭ 2700 ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ | ᠳᠣᠯᠣᠲᠤ ᠰᠤᠮᠤ ᠶᠢᠨ ᠵᠠᠰᠠᠭ ᠤᠨ ᠣᠷᠳᠣᠨ ᠳᠤ ᠪᠠᠷᠤᠭ 5000 ᠲᠡᠭᠰᠢ ᠳᠥᠷᠪᠡᠯᠵᠢᠨ ᠮᠧᠲᠷ ᠤᠨ ᠴᠡᠪᠡᠷ | ᠡᠨᠧᠷᠭᠢ ᠶᠢᠨ ᠰᠤᠷᠪᠤᠯᠵᠢ ᠶᠢᠨ ᠳᠤᠯᠠᠭᠠᠯᠠᠭ᠎ᠠ ᠬᠠᠩᠭᠠᠵᠤ᠂ ᠰᠠᠶᠢᠨ ᠰᠠᠶᠢᠬᠠᠨ ᠣᠷᠴᠢᠨ ᠠᠬᠤᠢ ᠶᠢᠨ ᠦᠷ᠎ᠡ ᠠᠰᠢᠭ | ᠪᠠ ᠨᠡᠶᠢᠭᠡᠮ ᠤᠨ ᠦᠷ᠎ᠡ ᠠᠰᠢᠭ ᠲᠠᠢ ᠪᠣᠯᠣᠨ᠎ᠠ᠃ | ᠳᠣᠯᠣᠲᠤ ᠰᠤᠮᠤᠨ ᠤ ᠳᠡᠳ᠋ ᠰᠤᠮᠤᠨ ᠳᠠᠷᠤᠭ᠎ᠠ ᠯᠢᠦ ᠸᠧᠨ ᠰᠧ ᠢᠯᠡᠷᠬᠡᠶᠢᠯᠡᠬᠦ ᠳᠡᠭᠡᠨ᠂ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ | ᠳᠣᠯᠤᠲᠤ ᠰᠤᠮᠤ ᠭᠡᠷᠡᠯ ᠢᠶᠠᠷ ᠴᠠᠬᠢᠯᠭᠠᠨ ᠭᠠᠷᠭᠠᠬᠤ ᠶᠢ ᠲᠣᠰᠬᠤᠨ ᠤ ᠬᠠᠮᠲᠤ ᠶᠢᠨ ᠠᠵᠤ ᠠᠬᠤᠢ ᠲᠠᠢ ᠣᠷᠭᠠᠨᠢᠭ ᠢᠶᠠᠷ | ᠤᠶᠠᠯᠳᠤᠭᠤᠯᠵᠤ᠂ ᠭᠠᠴᠠᠭ᠎ᠠ ᠲᠣᠰᠬᠤᠨ ᠤ ᠰᠤᠯᠠ ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠪᠠ ᠭᠡᠷᠡᠯ | ᠲᠤᠰᠤᠯᠲᠠ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠡᠯᠡ | ᠮᠥᠩᠭᠦ ᠶᠢ ᠡᠮᠬᠢᠯᠡᠨ ᠨᠡᠶᠢᠯᠡᠭᠦᠯᠵᠦ᠂ ᠬᠠᠮᠲᠤ ᠶᠢᠨ ᠠᠵᠤ ᠠᠬᠤᠢ ᠶᠢᠨ ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠥᠷᠥᠯ ᠵᠦᠢᠯ ᠢᠶᠠᠷ ᠳᠠᠮᠵᠢᠭᠤᠯᠤᠨ᠂ 25 ᠵᠢᠯ ᠳᠠᠷᠠᠭᠠᠯᠠᠨ | ᠳᠣᠯᠣᠲᠤ ᠭᠠᠴᠠᠭ᠎ᠠ ᠳᠤ ᠵᠢᠯ ᠪᠦᠷᠢ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 15 ᠲᠦᠮᠡᠨ ᠲᠥᠭᠦᠷᠢᠭ | ᠨᠡᠮᠡᠭᠳᠡᠭᠦᠯᠵᠦ᠂ ︽ᠨᠢᠭᠡ ᠯᠡ ᠤᠳᠠᠭ᠎ᠠ ᠶᠢᠨ ᠴᠢᠨᠠᠷᠲᠠᠢ ᠣᠷᠣᠭᠤᠯᠤᠯᠲᠠ ᠬᠢᠵᠦ᠂ ᠣᠷᠳᠣ ᠬᠤᠭᠤᠴᠠᠭ᠎ᠠ ᠪᠠᠷ | ᠲᠣᠭᠲᠠᠭᠤᠨ ᠪᠠᠶᠢᠯᠭᠠᠬᠤ︾ ᠠᠰᠢᠭ ᠣᠷᠣᠯᠭ᠎ᠠ ᠶᠢᠨ ᠬᠠᠷᠠᠯᠲᠠ ᠶᠢ ᠪᠡᠶᠡᠯᠡᠭᠦᠯᠵᠦ᠂ ᠠᠵᠤ ᠠᠬᠤᠢ ᠶᠢᠨ ᠦᠷ᠎ᠡ ᠠᠰᠢᠭ | ᠂ ᠠᠮᠢ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠥᠷᠳᠡᠬᠦ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ | |