ᠣᠶᠢᠷ᠎ᠠ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠢᠨ ︽ᠬᠠᠤᠯᠢ ᠪᠠᠷ ᠵᠠᠰᠠᠬᠤ | ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ ᠡᠪᠦᠯ ᠤᠨ ᠤᠯᠠᠷᠢᠯ ᠳᠤ ᠬᠠᠤᠯᠢ ᠶᠢ ᠲᠦᠭᠡᠮᠡᠯᠵᠢᠭᠦᠯᠵᠦ ᠠᠷᠠᠳ ᠤᠨ | ᠰᠡᠳᠬᠢᠯ ᠢ ᠳᠤᠯᠠᠭᠠᠴᠠᠭᠤᠯᠬᠤ︾ ᠬᠠᠤᠯᠢ ᠶᠢ ᠮᠠᠯᠵᠢᠬᠤ ᠣᠷᠣᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠠᠵᠢᠯᠲᠠᠳ ᠠᠶᠢᠯ ᠲᠣᠰᠬᠤᠨ ᠳᠤ ᠬᠦᠷᠴᠦ᠂ ᠪᠣᠳᠠᠲᠤ ᠬᠡᠷᠡᠭ ᠤᠨ | ᠵᠢᠱᠢᠶ᠎ᠡ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠲᠦᠮᠡᠨ ᠳᠤ ᠣᠷᠤᠭ ᠭᠡᠷ ᠪᠦᠯᠢ ᠶᠢᠨ ᠵᠥᠷᠢᠴᠡᠯ᠂ ᠠᠷᠠᠳ ᠤᠨ | ᠬᠤᠭᠤᠷᠣᠨᠳᠣᠬᠢ ᠵᠢᠭᠡᠯᠡᠯᠭᠡ᠂ ᠬᠥᠳᠡᠯᠮᠦᠷᠢ ᠦᠢᠯᠡᠴᠢᠯᠡᠭᠡ ᠶᠢᠨ ᠠᠵᠢᠯᠴᠢᠨ ᠬᠡᠷᠡᠭᠯᠡᠬᠦ᠂ ᠴᠠᠬᠢᠯᠭᠠᠨ ᠬᠤᠯᠪᠣᠭ᠎ᠠ ᠪᠠᠷ | ᠮᠡᠬᠡᠯᠡᠯ ᠬᠢᠬᠦ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠪᠠᠶᠢᠭᠤᠯᠬᠤ ᠠᠵᠢᠯ ᠵᠡᠷᠭᠡ ᠬᠠᠤᠯᠢ ᠲᠣᠭᠲᠠᠭᠠᠯ ᠤᠨ | ᠮᠡᠳᠡᠯᠭᠡ ᠶᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠬᠠᠤᠯᠢ ᠪᠠᠷ ᠵᠠᠰᠠᠬᠤ ︽ᠦᠷ᠎ᠡ︾ ᠶᠢ | ᠮᠠᠯᠴᠢᠳ ᠤᠨ ︽ᠰᠡᠳᠬᠢᠯ ᠤᠨ ᠭᠦᠨ︾ ᠳᠤ ᠦᠨᠡᠨ ᠬᠦ ᠳᠠᠷᠢᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ | ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ | | | |