| ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠯᠦᠪᠧᠢ ᠪᠠᠯᠭᠠᠰᠤ ᠶᠢᠨ ᠬᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠷ ᠰᠢᠵᠢᠮ ᠪᠣᠯᠭᠠᠵᠤ᠂ ᠤᠯᠠᠨ ᠵᠦᠢᠯ ᠤᠨ ᠠᠷᠭ᠎ᠠ ᠠᠪᠴᠢᠯ ᠢᠶᠠᠷ ᠲᠠᠷᠢᠶᠠᠨ | ᠭᠠᠵᠠᠷ ᠤᠨ ᠤᠨᠠᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠭᠦᠢᠴᠡᠳ ᠬᠢᠵᠦ᠂ ︽ᠠᠮᠤ | ᠪᠤᠳᠠᠭᠠᠨ ᠤ ᠤᠭᠤᠲᠠ︾ ᠪᠠᠨ ᠯᠠᠪᠳᠠᠭᠤᠨ ᠡᠭᠦᠷᠴᠦ᠂ ᠠᠮᠤ ᠪᠤᠳᠠᠭᠠᠨ ᠤ ᠠᠮᠤᠷ ᠲᠦᠪᠰᠢᠨ ᠤ ︽ᠰᠠᠭᠤᠷᠢ ᠴᠢᠯᠠᠭᠤ | ︾ ᠶᠢ ᠦᠨᠡᠨᠬᠦ ᠪᠠᠲᠤᠳᠬᠠᠪᠠ᠃ | ᠥᠨᠳᠥᠷ ᠪᠦᠲᠦᠮᠵᠢᠲᠡᠶ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠣᠳᠬᠠᠪᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠲᠥᠷᠥᠯ | ᠵᠦᠢᠯ ᠤᠨ 55 ᠲᠠᠷᠢᠶᠠᠨ ᠤ ᠬᠤᠳᠳᠤᠭ ᠢ ᠴᠡᠭᠴᠡᠯᠡᠨ ᠥᠭᠡᠷᠡᠴᠢᠯᠡᠵᠦ᠂ 30000 ᠭᠠᠷᠤᠢ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ᠂ ᠪᠥᠬᠦ ᠪᠠᠯᠭᠠᠰᠤᠨ ᠤ ᠤᠰᠤ ᠠᠷᠪᠢᠯᠠᠬᠤ | ᠥᠨᠳᠥᠷ ᠪᠦᠲᠦᠮᠵᠢᠲᠡᠶ ᠲᠠᠷᠢᠶᠠᠨ ᠭᠠᠵᠠᠷ 15.8 ᠲᠦᠮᠡᠨ ᠮᠦ ᠬᠥᠷᠪᠡ︔ ᠨᠡᠶᠢᠲᠡ 637 ᠮᠦ ᠲᠠᠯᠠᠪᠠᠢ ᠲᠠᠢ 19 | ᠵᠢᠵᠢᠭ ᠰᠢᠨᠵᠢᠯᠡᠭᠡ ᠮᠡᠷᠭᠡᠵᠢᠯ ᠤᠨ ᠲᠣᠭᠤᠷᠢᠭ ᠡᠭᠦᠳᠦᠨ ᠪᠠᠶᠢᠭᠤᠯᠪᠠ︔ ᠮᠢᠩᠭᠠᠨ ᠮᠦ ᠶᠢᠨ ᠡᠷᠳᠡᠨᠢ ᠰᠢᠰᠢ ᠶᠢ | ᠨᠢᠭᠲᠠ ᠳᠠᠷᠢᠵᠤ ᠥᠨᠳᠥᠷ ᠤᠨᠠᠯᠲᠠ ᠲᠠᠢ ᠵᠠᠯᠭᠠᠯᠳᠣᠭᠰᠠᠨ ᠲᠠᠷᠢᠶ᠎ᠠ ᠶᠢ 3 ᠪᠠᠶᠢᠭᠤᠯᠵᠤ᠂ ᠮᠦ ᠪᠦᠷᠢ ᠶᠢᠨ | ᠤᠨᠠᠯᠲᠠ ᠶᠢ 1168.29 ᠺᠢᠯᠣᠭ᠍ᠷᠠᠮ ᠬᠦᠷᠭᠡᠪᠡ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ | ᠬᠦᠴᠦ ᠨᠡᠮᠡᠷᠢᠯᠡᠪᠡ᠃ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ | 368367 ᠮᠦ ᠲᠠᠷᠢᠶ᠎ᠠ ᠨᠡᠶᠢᠲᠡ 189.9 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ | ᠰᠢᠮ᠎ᠡ ᠶᠢ ᠬᠠᠮᠠᠭᠠᠯᠠᠬᠤ ᠨᠥᠬᠦᠪᠦᠷᠢ 297358 ᠮᠦ ᠲᠠᠷᠢᠶ᠎ᠠ᠂ ᠨᠡᠶᠢᠲᠡ 33.6 ᠲᠦᠮᠡᠨ ᠲᠥᠭᠦᠷᠢᠭ | ᠨᠡᠶᠢᠲᠡᠪᠣᠷᠢᠵᠢᠭᠤᠯᠪᠠ᠂ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠲᠤᠷᠰᠢᠯᠲᠠ ᠶᠢᠨ ᠴᠡᠭ ᠢ 4935 ᠮᠦ | ᠨᠠᠶᠢᠳᠠᠪᠤᠷᠢᠵᠢᠭᠤᠯᠵᠤ᠂ ᠡᠷᠳᠡᠨᠢ ᠰᠢᠰᠢ ᠶᠢᠨ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠲᠥᠷᠦᠯ | ᠵᠦᠢᠯ ᠢ 164730 ᠮᠦ ᠬᠡᠷᠡᠭᠵᠢᠭᠦᠯᠵᠦ᠂ ᠰᠢᠷ᠎ᠠ ᠪᠤᠷᠴᠠᠭ ᠤᠨ ᠦᠨᠳᠦᠰᠦ ᠶᠢᠨ ᠪᠡᠲᠡᠭᠢ ᠶᠢᠨ ᠪᠠᠺᠲ᠋ᠧᠷᠢ ᠶᠢ | ᠠᠯᠠᠬᠤ ᠡᠮ ᠢ 10000 ᠮᠦ ᠲᠠᠷᠢᠶᠠᠨ ᠳᠤ ᠳᠡᠯᠭᠡᠷᠡᠭᠦᠯᠦᠨ ᠬᠡᠷᠡᠭᠯᠡᠵᠦ᠂ ᠬᠤᠷᠣᠬᠠᠢ ᠠᠯᠠᠬᠤ ᠡᠮ 2000 ᠯᠣᠩᠬᠤ | ᠲᠦᠭᠡᠭᠡᠪᠡ᠃ | ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠪᠣᠳᠠᠲᠤ ᠬᠦᠴᠦᠨ ᠢ ᠳᠡᠭᠡᠭᠰᠢᠯᠡᠭᠦᠯᠪᠡ᠃ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠠᠶᠢᠨ ᠦᠷ᠎ᠡ᠂ ᠰᠠᠶᠢᠨ ᠠᠷᠭ᠎ᠠ᠂ ᠲᠠᠷᠢᠶᠠᠯᠠᠩ ᠤᠨ ᠮᠠᠰᠢᠨ ᠢ ᠢᠵᠢ ᠪᠦᠷᠢᠳᠦᠭᠦᠯᠬᠦ ᠶᠢ | ᠠᠬᠢᠭᠤᠯᠵᠤ᠂ ᠶᠠᠰᠤ ᠴᠢᠨᠠᠷ ᠪᠠ ᠤᠨᠠᠯᠲᠠ ᠶᠢ ᠵᠡᠷᠭᠡᠪᠡᠷ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ︽ᠠᠮᠤ | ᠪᠤᠳᠠᠭ᠎ᠠ ᠶᠢ ᠭᠠᠵᠠᠷ ᠰᠢᠷᠣᠢ ᠠᠴᠠ ᠬᠤᠷᠢᠶᠠᠬᠤ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠨ ᠬᠤᠷᠢᠶᠠᠬᠤ︾ ᠶᠢ | ᠦᠨᠡᠨ ᠬᠦ ᠪᠡᠶᠡᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠨᠠᠩ ᠪᠠᠲᠤ ᠪᠠᠬᠢ ᠪᠣᠯᠭᠠᠪᠠ᠃ ᠡᠨᠡ | ᠵᠢᠯ ᠠᠴᠠ ᠨᠠᠰᠢ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ᠂ ᠡᠷᠳᠡᠨᠢ ᠰᠢᠰᠢ ᠶᠢᠨ ᠤᠰᠤ ᠪᠣᠷᠳᠣᠭᠤᠷ ᠢ | ᠨᠢᠭᠡ ᠴᠣᠭᠴᠠᠵᠢᠭᠤᠯᠤᠨ ᠨᠢᠭᠲᠠ ᠳᠠᠷᠢᠵᠤ ᠥᠨᠳᠥᠷ ᠤᠨᠠᠯᠲᠠ ᠲᠠᠢ ᠳᠠᠷᠢᠵᠤ ᠣᠷᠭᠤᠭᠤᠯᠬᠤ᠂ ᠡᠷᠳᠡᠨᠢ ᠰᠢᠰᠢ ᠰᠢᠷ᠎ᠠ | ᠪᠤᠷᠴᠠᠭ ᠢ ᠨᠡᠶᠢᠯᠡᠭᠦᠯᠦᠨ ᠳᠠᠷᠢᠬᠤ ᠵᠡᠷᠭᠡ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠢ 10 ᠭᠠᠷᠤᠢ ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ 1600 ᠭᠠᠷᠤᠢ ᠬᠦᠮᠦᠰ ᠲᠤ ᠪᠣᠯᠪᠠᠰᠤᠷᠠᠯ ᠬᠦᠷᠲᠡᠭᠡᠪᠡ᠃ ᠲᠠᠷᠢᠶᠠᠯᠠᠩ ᠤᠨ | ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠠᠬᠤᠢ ᠲᠠᠯᠠᠪᠠᠶ ᠳᠤ 50 ᠭᠠᠷᠤᠢ ᠤᠳᠠᠭ᠎ᠠ ᠮᠡᠷᠭᠡᠵᠢᠯ ᠤᠨ | ᠵᠢᠯᠣᠭᠤᠳᠤᠯᠭ᠎ᠠ ᠬᠢᠵᠦ᠂ 600 ᠭᠠᠷᠤᠢ ᠮᠠᠯᠴᠢᠨ ᠲᠠᠷᠢᠶᠠᠴᠢᠳ ᠲᠤ ᠦᠢᠯᠡᠴᠢᠯᠡᠪᠡ᠃ | |