11 ᠰᠠᠷ᠎ᠠ ᠶᠢᠨ 27 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠪᠦᠯᠬᠦᠮ ᠳᠠᠭᠠᠭᠤᠯᠤᠨ ᠰᠢᠶᠠᠩᠱᠠᠨ ᠪᠠᠯᠭᠠᠰᠤᠨ ᠤ ᠭᠤᠣᠯ | ᠡᠷᠡᠭᠦᠯ ᠬᠠᠮᠠᠭᠠᠯᠠᠯ ᠤᠨ ᠬᠤᠷᠢᠶ᠎ᠠ᠂ ᠪᠠᠶᠠᠨᠲᠠᠯ᠎ᠠ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠠᠵᠠᠷ ᠲᠤ | ᠬᠦᠷᠴᠦ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠨᠢᠭᠤᠷᠲᠠᠨ | ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠯᠠᠭᠠᠨ ᠤ ᠪᠠᠶᠢᠳᠠᠯ᠂ | ᠡᠮᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠯᠲᠡ᠂ ᠦᠨᠳᠦᠰᠦᠨ ᠡᠮ ᠤᠨ ᠵᠦᠢᠯ ᠤᠨ ᠲᠣᠬᠢᠷᠠᠭᠤᠯᠤᠯᠲᠠ᠂ ᠡᠮᠴᠢ | ᠰᠤᠪᠢᠯᠠᠭᠴᠢ ᠶᠢᠨ ᠣᠷᠣᠨ ᠲᠤᠭ᠎ᠠ᠂ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ | ᠂ ᠡᠪᠡᠳᠴᠢᠲᠡᠨ ᠤ ᠡᠪᠡᠳᠴᠢᠨ ᠦᠵᠡᠭᠦᠯᠵᠦ ᠣᠨᠣᠰᠢᠯᠠᠨ ᠡᠮᠨᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ | ᠬᠦᠴᠢᠷᠳᠡᠯ ᠤᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃ | | | |