︽ᠵᠠᠷᠤᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/3
    ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠭᠰᠠᠨ ᠨᠢ ᠶᠡᠷᠦᠩᠬᠡᠢ ᠱᠦᠵᠢ ᠰᠢ ᠶᠢᠨ ᠫᠢᠩ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠣᠯᠠᠨᠲᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠣᠯ ᠮᠠᠨ ᠤ ᠨᠠᠮ ᠤᠨ ᠣᠯᠠᠨ ᠲᠦᠮᠡᠨᠴᠢ ᠱᠤᠭᠤᠮ ᠢ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠳᠤ ᠬᠡᠷᠡᠭᠯᠡᠭᠰᠡᠨ ᠠᠮᠵᠢᠯᠲᠠᠲᠠᠢ ᠦᠢᠯᠡᠳᠦᠯᠭᠡ ᠮᠥᠨ ᠭᠡᠵᠦ ᠵᠢᠭᠠᠪᠣᠷᠢᠯᠠᠪᠠ᠃ ᠢᠯᠠᠩᠭᠤᠶ᠎ᠠ 2022 ᠣᠨ ᠤ 12 ᠰᠠᠷ᠎ᠠ ᠶᠢᠨ 27 ᠤ ᠡᠳᠦᠷ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠶᠡᠭᠡ ᠬᠤᠷᠠᠯ ᠬᠤᠷᠠᠯᠳᠤᠬᠤ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠭᠰᠡᠨ 70 ᠵᠢᠯ ᠤᠨ ᠲᠤᠷᠰᠢᠬᠢ ᠠᠵᠢᠯ ᠤᠨ ᠠᠮᠵᠢᠯᠲᠠ  ᠶᠢ ᠨᠤᠲᠠᠯᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠣᠭᠲᠠᠴᠠ ᠪᠣᠯᠣᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠭᠦᠨᠵᠡᠭᠡᠢ ᠠᠬᠢᠭᠤᠯᠵᠤ᠂ ᠡᠷᠡᠭᠦᠯ ᠮᠡᠨᠳᠦ ᠶᠢᠨ ᠬᠥᠮᠦᠵᠢᠯ ᠪᠣᠯᠣᠨ ᠠᠬᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃     2020 ᠣᠨ ᠤ 11 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠬᠠᠣᠯᠢᠵᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︾ ᠭᠡᠵᠦ ᠱᠠᠭᠠᠷᠳᠠᠵᠤ᠂ ︽ᠪᠥᠬᠦ ᠤᠯᠤᠰ ᠤᠨ ᠳᠠᠪᠬᠤᠷᠭ᠎ᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠤᠯᠢ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠦᠢᠯᠡᠳᠦᠯᠭᠡ ᠪᠠᠷ ᠪᠦᠲᠦᠮᠵᠢᠲᠡᠶ ᠰᠠᠶᠢᠨ ᠲᠤᠷᠰᠢᠯᠭ᠎ᠠ ᠶᠢ ᠭᠡᠷᠡᠴᠢᠯᠡᠵᠦ᠂ ᠰᠠᠶᠢᠨ ᠠᠷᠭ᠎ᠠ ᠬᠢᠳᠡᠯ ᠢ ᠬᠠᠤᠯᠢ ᠴᠠᠭᠠᠵᠠ ᠳᠦᠷᠢᠮ ᠪᠣᠯᠭᠠᠨ ᠴᠣᠮᠬᠠᠳᠬᠠᠨ ᠳᠡᠭᠡᠭᠰᠢᠯᠡᠭᠦᠯᠬᠦ ᠬᠡᠷᠡᠭᠲᠡᠢ︾ ᠭᠡᠪᠡ᠃ ᠨᠥᠭᠦᠭᠡ ᠲᠠᠯ᠎ᠠ ᠪᠠᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ᠪᠠᠰᠠ ᠡᠳᠦᠢ ᠲᠡᠳᠦᠢ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠂ ᠵᠢᠱᠢᠶᠡᠯᠡᠪᠡᠯ ᠬᠡᠰᠡᠭ ᠣᠯᠠᠨ ᠲᠦᠮᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠮᠰᠠᠷ ᠴᠢᠩᠭ᠎ᠠ ᠪᠢᠰᠢ᠂ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠪᠠᠭᠤᠷᠠᠢ ᠲᠠᠯ᠎ᠠ ᠲᠠᠢ ᠪᠠᠶᠢᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠰᠢᠨ᠎ᠡ ᠪᠠᠶᠢᠳᠠᠯ ᠤᠨ ᠳᠣᠣᠷᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠲᠥᠯᠥᠭᠡ᠂ ︽ᠵᠠᠷᠤᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠪᠠᠲᠤᠯᠠᠬᠤ ᠴᠢᠬᠤᠯᠠᠲᠠᠢ ᠪᠠᠶᠢᠨ᠎ᠠ᠃     ᠬᠤᠶᠠᠷ᠂ ᠲᠣᠭᠲᠠᠭᠠᠭᠰᠠᠨ ᠦᠨᠳᠦᠰᠦᠯᠡᠯ     ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 15 ᠳ᠋ᠤᠭᠠᠷ ᠲᠣᠭᠠᠲᠤ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽︿ᠡᠷᠡᠭᠦᠯ ᠡᠩᠬᠡ ᠳᠤᠮᠳᠠᠳᠤ ᠤᠯᠤᠰ 2030﹀ ᠶᠢᠨ ᠲᠥᠯᠦᠪᠵᠢᠭᠦᠯᠭᠡ ᠶᠢᠨ ᠬᠥᠲᠥᠯᠪᠦᠷᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ᠵᠡᠷᠭᠡ ᠬᠠᠤᠯᠢ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ︽ᠵᠠᠷᠤᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾  ᠨᠢ ᠨᠡᠶᠢᠲᠡ ᠵᠢᠷᠭᠤᠭᠠᠨ ᠪᠦᠯᠦᠭ ᠭᠤᠴᠢᠨ ᠵᠢᠷᠭᠤᠭᠠᠨ ᠵᠤᠷᠪᠤᠰ᠃ ᠭᠤᠣᠯ ᠠᠭᠤᠯᠭ᠎ᠠ ᠨᠢ᠄     ᠨᠢᠭᠡᠳᠦᠭᠡᠷ ᠪᠦᠯᠦᠭ  ᠶᠡᠷᠦᠩᠬᠡᠢ ᠳᠦᠷᠢᠮ᠂ ᠨᠡᠶᠢᠲᠡ 6 ᠵᠤᠷᠪᠣᠰ᠃ ᠡᠭᠦᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠣᠭᠲᠠᠭᠰᠠᠨ ᠵᠣᠷᠢᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠨᠡᠶᠢᠭᠡᠮ ᠤᠨ ᠣᠷᠣᠯᠴᠠᠭ᠎ᠠ᠂ ᠵᠠᠷᠤᠳᠠᠯ ᠤᠨ ᠪᠠᠲᠤᠯᠠᠭ᠎ᠠ ᠪᠠᠭᠲᠠᠨ᠎ᠠ᠃     ᠬᠤᠶᠠᠳᠤᠭᠠᠷ ᠪᠦᠯᠦᠭ  ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ᠂ ᠨᠡᠶᠢᠲᠡ 6 ᠵᠣᠷᠪᠣᠰ᠃ ᠡᠯ᠎ᠡ ᠱᠠᠲᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠪᠦᠷᠢᠯᠳᠦᠭᠦᠨ ᠨᠢᠭᠡᠴᠡ ᠬᠢᠨ ᠠᠵᠢᠯ ᠬᠤᠪᠢᠶᠠᠨ ᠬᠠᠷᠢᠭᠤᠴᠠᠬᠤ ᠳᠦᠷᠢᠮ ᠢ ᠬᠡᠷᠡᠭᠵᠢᠭᠦᠯᠪᠡ᠃ ᠵᠡᠭᠡᠯᠢ ᠭᠤᠳᠤᠮᠵᠢ ︵ᠰᠢᠶᠠᠩ ᠪᠠᠯᠭᠠᠰᠤ︶᠂ ᠨᠡᠶᠢᠭᠡᠮ ᠲᠣᠭᠤᠷᠢᠭ ︵ᠲᠣᠰᠬᠤᠨ︶᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠢ ᠲᠣᠳᠣᠷᠬᠠᠶᠢᠯᠠᠬᠤ᠂ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠨᠢ ᠬᠠᠷᠢᠶ᠎ᠠ ᠭᠠᠵᠠᠷ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃     ᠭᠤᠷᠪᠠᠳᠤᠭᠠᠷ ᠪᠦᠯᠦᠭ  ᠳᠦᠷᠢᠮ ᠪᠠ ᠬᠠᠮᠢᠶᠠᠷᠤᠯᠲᠠ᠂ ᠨᠡᠶᠢᠲᠡ 8 ᠵᠣᠷᠪᠣᠰ᠃ ᠡᠯ᠎ᠡ ᠨᠢᠭᠡᠴᠡ ᠬᠢᠨ ᠡᠯ᠎ᠡ ᠵᠦᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠬᠤᠰᠢᠭᠤ ᠪᠠᠷ ᠢᠶᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ︔ ᠨᠢᠭᠡᠴᠢ ᠪᠠ ᠬᠤᠪᠢ ᠬᠥᠮᠥᠨ ᠤᠬᠠᠮᠰᠠᠷ ᠠᠴᠠ ᠪᠠᠨ ᠤᠯᠠᠨ ᠨᠡᠶᠢᠲᠡ ᠶᠢᠨ ᠠᠷᠢᠭᠤᠨ ᠴᠡᠪᠡᠷ ᠢ ᠬᠠᠮᠠᠭᠠᠯᠠᠵᠤ᠂ ᠨᠡᠶᠢᠭᠡᠮ ᠤᠨ ᠡᠷᠡᠭᠦᠯ ᠬᠠᠮᠠᠭᠠᠯᠠᠯ ᠤᠨ ᠰᠠᠬᠢᠯᠭ᠎ᠠ ᠶᠢ ᠵᠢᠷᠤᠮᠯᠠᠨ ᠰᠠᠬᠢᠬᠤ ᠬᠡᠷᠡᠭᠲᠡᠢ᠃ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠠᠴᠠ ᠵᠢᠯ ᠪᠦᠷᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ᠂ ᠬᠠᠮᠢᠶ᠎ᠠ ᠪᠦᠬᠦᠢ ᠨᠢᠭᠡᠴᠡ ᠬᠢᠨ ᠡᠷᠡᠭᠦᠯ ᠮᠡᠨᠳᠦ ᠶᠢᠨ ᠬᠥᠮᠦᠵᠢᠯ ᠵᠡᠷᠭᠡ ᠠᠵᠢᠯ ᠢ ᠥᠷᠨᠢᠭᠦᠯᠬᠦ ᠬᠡᠷᠡᠭᠲᠡᠢ︔ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ︵ᠬᠠᠪᠰᠤᠷᠭᠠᠭᠰᠠᠨ︶ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ ᠪᠠ ᠴᠢᠬᠤᠯᠠ ᠪᠦᠬᠦᠢ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠲᠣᠬᠢᠷᠠᠭᠤᠯᠣᠨ᠎ᠠ᠂ ᠠᠯᠳᠠᠷᠲᠤ ᠦᠵᠡᠮᠵᠢ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠬᠢᠨ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃     ᠳᠥᠷᠪᠡᠳᠦᠭᠡᠷ ᠪᠦᠯᠦᠭ  ᠬᠢᠨᠠᠯᠲᠠ ᠲᠠᠯᠪᠢᠬᠤ ᠪᠠ ᠪᠠᠶᠢᠴᠠᠭᠠᠬᠤ᠂ ᠨᠡᠶᠢᠲᠡ 7 ᠵᠣᠷᠪᠣᠰ᠃ ᠵᠠᠰᠠᠭ ᠵᠠᠬᠢᠷᠭᠠᠨ ᠤ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠶᠠᠯᠳᠤᠭᠤᠯᠤᠭᠰᠠᠨ ᠨᠡᠶᠢᠭᠡᠮ ᠤᠨ ᠬᠢᠨᠠᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃     ᠲᠠᠪᠤᠳᠤᠭᠠᠷ ᠪᠦᠯᠦᠭ ᠱᠠᠩᠨᠠᠬᠤ ᠪᠠ ᠰᠢᠢᠳᠬᠡᠬᠦ᠂ ᠨᠡᠶᠢᠲᠡ 7 ᠵᠣᠷᠪᠣᠰ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠪᠡᠶᠡᠯᠡᠭᠦᠯᠦᠭᠰᠡᠨ ᠨᠢᠭᠡᠴᠡ ᠪᠣᠯᠣᠨ ᠬᠤᠪᠢ ᠬᠥᠮᠥᠨ ᠢ ᠱᠠᠩᠨᠠᠬᠤ ᠪᠠ ᠲᠣᠷᠭᠠᠬᠤ ᠶᠢ ᠲᠣᠳᠣᠷᠬᠠᠶᠢᠯᠠᠵᠤ᠂ ᠲᠣᠰ ᠠᠷᠭ᠎ᠠ ᠶᠢᠨ ᠲᠣᠭᠲᠠᠭᠠᠯ  ᠠᠴᠠ ᠵᠥᠷᠢᠴᠡᠭᠰᠡᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃     ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ᠨᠡᠶᠢᠲᠡ 2 ᠵᠣᠷᠪᠣᠰ᠃ ᠲᠣᠰ ᠠᠷᠭ᠎ᠠ ᠶᠢᠨ ᠲᠠᠶᠢᠯᠪᠤᠷᠢᠯᠠᠬᠤ ᠡᠷᠬᠡ ᠪᠠ ᠬᠡᠷᠡᠭᠵᠢᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠡᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号