︽ᠵᠠᠷᠤᠳ ᠬᠤᠰᠢᠭᠤᠨ ᠤ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/3
    ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠠᠭᠤᠷ ᠠᠮᠢᠰᠬᠤᠯ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠲᠠᠰᠤᠷᠠᠯᠲᠠ ᠦᠭᠡᠢ ᠬᠤᠪᠢᠷᠠᠬᠤ ᠶᠢ ᠳᠠᠭᠠᠯᠳᠤᠨ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠲᠦᠷᠦᠯ ᠵᠦᠢᠯ᠂ ᠨᠢᠭᠲᠠᠴᠠ ᠪᠠ ᠲᠠᠷᠬᠠᠯᠲᠠ ᠵᠡᠷᠭᠡ ᠳᠤ ᠰᠢᠨ᠎ᠡ ᠬᠤᠪᠢᠷᠠᠯᠲᠠ ᠭᠠᠷᠴᠤ᠂ ᠤᠤᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠴᠢᠨᠠᠷᠲᠠᠢ ᠬᠠᠯᠳᠠᠪᠤᠷᠢᠲᠤ ᠡᠪᠡᠳᠴᠢᠨ ᠤ ᠬᠤᠣᠷ ᠬᠥᠨᠥᠭᠡᠯ ᠲᠠᠰᠤᠷᠠᠯᠲᠠ ᠦᠭᠡᠢ ᠶᠡᠬᠡᠰᠴᠦ᠂ ᠰᠢᠨ᠎ᠡ ᠡᠪᠡᠳᠴᠢᠨ ᠤ ᠵᠠᠭᠤᠴᠢ ᠠᠮᠢᠳᠤ ᠪᠣᠳᠠᠰ ᠤᠨ ᠴᠢᠨᠠᠷᠲᠠᠢ ᠬᠠᠯᠳᠠᠪᠤᠷᠢᠲᠤ ᠡᠪᠡᠳᠴᠢᠨ ᠲᠠᠰᠤᠷᠠᠯᠲᠠ ᠦᠭᠡᠢ ᠢᠯᠡᠷᠡᠵᠦ᠂ ᠮᠠᠨ ᠤ ᠤᠯᠤᠰ ᠲᠤ ᠰᠦᠷᠳᠡᠭᠦᠯᠦᠯ ᠪᠣᠯᠵᠤ ᠪᠠᠶᠢᠨ᠎ᠠ᠃     ︽ᠤᠯᠤᠰ ᠤᠨ ᠠᠷᠢᠭᠤᠨ ᠴᠡᠪᠡᠷ ᠬᠤᠲᠠ ᠪᠠ ᠠᠷᠢᠭᠤᠨ ᠴᠡᠪᠡᠷ ᠰᠢᠶᠠᠨ ᠤ ᠪᠠᠷᠢᠮᠵᠢᠶ᠎ᠠ︾ ᠳᠤ ︽ᠬᠠᠤᠯᠢ ᠲᠣᠭᠲᠠᠭᠠᠬᠤ ᠡᠷᠬᠡ ᠲᠠᠢ ᠭᠠᠵᠠᠷ ᠣᠷᠣᠨ ᠳᠤ ᠲᠣᠰ ᠭᠠᠵᠠᠷ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠤᠯᠢ ᠲᠣᠭᠲᠠᠭᠠᠯ ᠪᠠᠶᠢᠬᠤ ᠬᠡᠷᠡᠭᠲᠡᠢ᠂ ᠪᠤᠰᠤᠳ ᠭᠠᠵᠠᠷ ᠣᠷᠣᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠᠶᠢᠬᠤ ᠬᠡᠷᠡᠭᠲᠡᠢ︾ ᠭᠡᠵᠦ ᠲᠣᠳᠣᠷᠬᠠᠢ ᠳᠣᠭᠲᠠᠭᠠᠪᠠ ᠃ ︽ᠤᠯᠤᠰ ᠤᠨ ᠠᠷᠢᠭᠤᠨ ᠴᠡᠪᠡᠷ ᠬᠤᠲᠠ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ︾ ᠳᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠠᠶᠢᠷᠠᠭᠤᠯᠣᠨ ᠨᠡᠶᠢᠲᠡᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃     ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠠᠯᠳᠠᠪᠤᠷᠢᠯᠠᠬᠤ ᠴᠢᠨᠠᠷᠲᠠᠢ ᠡᠪᠡᠳᠴᠢᠨ ᠡᠮᠭᠡᠭ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠥᠯᠥᠭᠡ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠣᠨᠴᠠᠯᠢᠭ ᠲᠠᠢ ᠤᠶᠠᠯᠳᠤᠭᠤᠯᠤᠨ᠂ ︽ᠵᠠᠷᠤᠳ ᠬᠤᠰᠢᠭᠤᠨ ᠤ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃     ᠬᠤᠶᠠᠷ᠂ ᠲᠣᠭᠲᠠᠭᠠᠭᠰᠠᠨ ᠦᠨᠳᠦᠰᠦᠯᠡᠯ     ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠳᠤ ᠳᠤᠷᠠᠳᠤᠭᠰᠠᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠱᠠᠭᠠᠷᠳᠠᠯᠭ᠎ᠠ ᠶᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ᠂ ᠡᠷᠡᠭᠦᠯ ᠬᠠᠮᠠᠭᠠᠯᠠᠯ ᠤᠨ ᠶᠠᠮᠤᠨ ᠤ 2009 ᠣᠨ ᠤ 10 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠭᠰᠠᠨ ︽ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ︽ᠵᠠᠷᠤᠳ ᠬᠤᠰᠢᠭᠤᠨ ᠤ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ ᠬᠤᠷᠢᠨ ᠵᠢᠷᠭᠤᠭᠠᠨ ᠵᠣᠷᠪᠣᠰ᠃ ᠨᠢᠭᠡᠳᠦᠭᠡᠷ ᠪᠦᠯᠦᠭ ᠨᠢ ᠨᠡᠶᠢᠲᠡᠯᠡᠭᠰᠡᠨ ᠠᠬᠤᠢ ᠪᠠᠶᠢᠳᠠᠯ᠂ ᠬᠤᠶᠠᠳᠤᠭᠠᠷ ᠪᠦᠯᠦᠭ ᠨᠢ ᠲᠣᠭᠲᠠᠭᠠᠭᠰᠠᠨ ᠦᠨᠳᠦᠰᠦᠯᠡᠯ᠂ ᠭᠤᠷᠪᠠᠳᠤᠭᠠᠷ ᠪᠦᠯᠦᠭ ᠨᠢ ᠭᠤᠣᠯ ᠠᠭᠤᠯᠭ᠎ᠠ᠂ ᠳᠥᠷᠪᠡᠳᠦᠭᠡᠷ ᠪᠦᠯᠦᠭ ᠨᠢ ᠬᠢᠨᠠᠯᠲᠠ ᠲᠠᠯᠪᠢᠬᠤ᠂ ᠲᠠᠪᠤᠳᠤᠭᠠᠷ ᠪᠦᠯᠦᠭ ᠨᠢ ᠱᠠᠩᠨᠠᠨ ᠬᠥᠬᠢᠭᠦᠯᠬᠦ ᠪᠠ ᠲᠣᠷᠭᠠᠬᠤ᠂ ᠵᠢᠷᠭᠤᠳᠤᠭᠠᠷ ᠪᠦᠯᠦᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠃     ᠨᠢᠭᠡᠳᠦᠭᠡᠷ ᠪᠦᠯᠦᠭ᠂ ᠨᠡᠶᠢᠳᠡ 5 ᠵᠣᠷᠪᠣᠰ᠃ ᠡᠭᠦᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠣᠭᠲᠠᠭᠰᠠᠨ ᠵᠣᠷᠢᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠨᠡᠶᠢᠭᠡᠮ ᠤᠨ ᠣᠷᠣᠯᠴᠠᠭ᠎ᠠ᠂ ᠵᠠᠷᠤᠳᠠᠯ ᠤᠨ ᠪᠠᠲᠤᠯᠠᠭ᠎ᠠ ᠪᠠᠭᠲᠠᠨ᠎ᠠ᠃     ᠬᠤᠶᠠᠳᠤᠭᠠᠷ ᠪᠦᠯᠦᠭ᠂ ᠨᠠᠶᠢᠳᠠ 8 ᠵᠣᠷᠪᠣᠰ᠃ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ︵ᠨᠢᠭᠡᠴᠡ︶ ᠤᠨ ᠠᠵᠢᠯ ᠤᠨ ᠬᠠᠷᠢᠭᠤᠴᠠᠯᠭ᠎ᠠ ᠶᠢ ᠲᠣᠭᠲᠠᠭᠠᠵᠤ᠂ ᠡᠯ᠎ᠡ ᠰᠤᠮᠤ ᠪᠠᠯᠭᠠᠰᠤ ᠲᠠᠯᠠᠪᠠᠶ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠶᠢᠭᠤᠯᠤᠯᠭ᠎ᠠ ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠪᠠᠶᠢᠭᠤᠯᠤᠮᠵᠢ ᠶᠢᠨ ᠰᠡᠷᠭᠡᠶᠢᠯᠡᠨ ᠵᠠᠰᠠᠬᠤ ᠡᠭᠦᠷᠭᠡ ᠶᠢ ᠲᠣᠳᠣᠷᠬᠠᠢ ᠲᠣᠭᠲᠠᠭᠠᠪᠠ᠃     ᠭᠤᠷᠪᠠᠳᠤᠭᠠᠷ ᠪᠦᠯᠦᠭ᠂ ᠨᠡᠶᠢᠳᠠ 4 ᠵᠣᠷᠪᠣᠰ᠃ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠣᠷᠴᠢᠨ ᠲᠣᠭᠤᠷᠢᠨ ᠢ ᠵᠠᠰᠠᠵᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠨ ᠲᠦᠯᠦᠵᠢᠬᠦ ᠭᠠᠵᠠᠷ ᠢ ᠡᠵᠡᠮᠳᠡᠬᠦ ᠪᠠᠷ ᠭᠤᠣᠯ ᠪᠣᠯᠭᠠᠬᠤ ᠪᠠ ᠡᠮ ᠤᠨ ᠪᠠᠭᠠᠵᠢ ᠬᠡᠷᠡᠭᠰᠡᠯ ᠢ ᠡᠵᠡᠮᠳᠡᠬᠦ ᠪᠠᠷ ᠬᠠᠪᠰᠤᠷᠤᠮᠵᠢ ᠪᠣᠯᠭᠠᠬᠤ ᠶᠡᠷᠦᠩᠬᠡᠶᠢᠯᠡᠭᠰᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠣᠳᠣᠷᠬᠠᠢ ᠲᠣᠭᠲᠠᠭᠠᠪᠠ᠃     ᠳᠥᠷᠪᠡᠳᠦᠭᠡᠷ ᠬᠡᠰᠡᠭ᠂ ᠨᠡᠶᠢᠳᠡ 2 ᠵᠣᠷᠪᠣᠰ᠃ ᠡᠪᠡᠳᠴᠢᠨ ᠤ ᠵᠠᠭᠤᠴᠢ ᠠᠮᠢᠳᠤ ᠪᠣᠳᠠᠰ ᠤᠨ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠭᠴᠢ ᠶᠢ ᠲᠣᠬᠢᠷᠠᠭᠤᠯᠬᠤ ᠶᠢᠨ ᠬᠠᠮᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠲᠣᠭᠲᠠᠭᠠᠪᠠ᠃     ᠲᠠᠪᠤᠳᠤᠭᠠᠷ ᠪᠦᠯᠦᠭ᠂ ᠨᠡᠶᠢᠳᠡ 6 ᠵᠣᠷᠪᠣᠰ᠃ ᠡᠭᠦᠨ ᠳᠤ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ︵ᠨᠢᠭᠡᠴᠡ︶ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠢᠯᠡᠳᠲᠡ ᠠᠮᠵᠢᠯᠲᠠ ᠣᠯᠣᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠢ ᠰᠠᠶᠢᠰᠢᠶᠠᠨ ᠬᠥᠬᠢᠭᠦᠯᠵᠦ᠂ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠳ ᠢ ᠰᠢᠢᠳᠬᠡᠨ᠎ᠡ ᠭᠡᠵᠦ ᠲᠣᠭᠲᠠᠭᠠᠪᠠ᠃     ᠵᠢᠷᠭᠤᠳᠤᠭᠠᠷ ᠪᠦᠯᠦᠭ᠂ ᠨᠡᠶᠢᠲᠡ 1 ᠵᠤᠷᠪᠤᠰ᠃ ᠲᠣᠰ ᠠᠷᠭ᠎ᠠ ᠶᠢᠨ ᠲᠠᠶᠢᠯᠪᠤᠷᠢᠯᠠᠬᠤ ᠡᠷᠬᠡ ᠪᠠ ᠬᠡᠷᠡᠭᠵᠢᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号