ᠽᠣᠣ ᠶᠢᠨ ᠱᠠᠨ ᠵᠠᠷᠤᠳ ᠬᠤᠰᠢᠭᠤᠨ ᠳᠤ ᠢᠷᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/11/9
    11 ᠰᠠᠷ᠎ᠠ ᠶᠢᠨ 8 ᠤ ᠡᠳᠦᠷ᠂ ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠯᠲᠠ ᠬᠢᠪᠡ᠃
7eb55f76931912badd0bbd5ae62fd61.jpg
    ᠼᠤᠤ ᠶᠢᠨ ᠱᠠᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠾᠧᠩ ᠶᠤᠸᠠᠨ ᠬᠡᠢ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠤᠸᠠᠨ ᠬᠢᠵᠠᠭᠠᠷᠲᠤ ᠺᠣᠮᠫᠠᠨᠢ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃     ᠼᠤᠤ ᠶᠢᠨ ᠱᠠᠨ ᠴᠢᠬᠤᠯᠠᠴᠢᠯᠠᠭᠰᠠᠨ ᠨᠢ᠂ ᠠᠮᠤᠷ ᠲᠦᠪᠰᠢᠨ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ᠂ ᠡᠯ᠎ᠡ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠤᠬᠠᠮᠰᠠᠷ ᠢᠶᠠᠨ ᠣᠯᠠᠮ ᠨᠢᠭᠡ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭ᠎ᠠ ᠨᠢᠮᠪᠠᠢ ᠠᠳᠬᠤᠵᠤ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠡᠮ ᠡᠮᠨᠡᠯᠭᠡ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ ᠵᠡᠷᠭᠡ ᠡᠯ᠎ᠡ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠠᠵᠢᠯ ᠢ ᠴᠢᠩᠭ᠎ᠠ ᠠᠳᠬᠤᠵᠤ᠂ ᠠᠵᠢᠯᠴᠢᠳ ᠤᠨ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠯ ᠪᠣᠯᠣᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠵᠢᠷᠤᠮᠵᠢᠯ ᠤᠨ ᠲᠡᠰ ᠳᠠᠷᠠᠭᠠᠯᠠᠯ ᠶᠣᠰᠣᠭᠠᠷ ᠠᠵᠢᠯ ᠢᠶᠠᠨ ᠬᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号