ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 67 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2023/12/1
    11 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 67 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠪᠦᠦ ᠸᠧᠨ ᠯᠠᠨ᠂ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠦ᠋ ᠴᠢᠩ ᠬᠠᠢ᠂ ᠯᠢᠦ ᠶᠦᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃
6419325b09075692f2b57c38d5dca14.jpg
    ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠠᠵᠢᠯ ᠤᠨ ᠡᠷᠴᠢᠨ᠎ᠡ ᠣᠷᠣᠭᠰᠢᠯᠠᠵᠤ᠂ ᠰᠢᠪᠲᠤᠯᠤᠯᠲᠠ ᠬᠢᠵᠦ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠪᠦᠬᠦ ᠵᠢᠯ ᠤᠨ ᠡᠯ᠎ᠡ ᠵᠦᠢᠯ ᠤᠨ ᠡᠭᠦᠷᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠴᠠᠭᠳᠠᠨ ᠪᠠᠶᠢᠴᠠᠭᠠᠬᠤ ᠠᠵᠢᠯ ᠤᠨ ᠲᠠᠪᠤᠨ ᠵᠢᠯ ᠤᠨ ᠲᠥᠯᠦᠪᠵᠢᠭᠦᠯᠭᠡ ᠶᠢᠨ ᠵᠣᠷᠢᠭ ᠰᠠᠨᠠᠭ᠎ᠠ ᠶᠣᠰᠣᠭᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠲᠠᠪᠤᠨ ᠵᠢᠯ ᠤᠨ ᠲᠥᠯᠦᠪᠵᠢᠭᠦᠯᠭᠡ ︵2022 ︱ 2026 ᠣᠨ︶︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠠᠭᠳᠠᠨ ᠪᠠᠶᠢᠴᠠᠭᠠᠬᠤ ᠠᠵᠢᠯ ᠤᠨ ᠲᠠᠪᠤᠨ ᠵᠢᠯ ᠤᠨ ᠲᠥᠯᠦᠪᠵᠢᠭᠦᠯᠭᠡ ᠪᠠᠷ ᠤᠯᠤᠰ ᠲᠥᠷᠥ ᠶᠢᠨ ᠬᠥᠲᠥᠯᠪᠦᠷᠢ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠪᠦᠬᠦᠨ ᠢ ᠪᠦᠷᠬᠦᠭᠦᠯᠬᠦ ᠶᠢ ᠴᠢᠨᠠᠷ ᠰᠠᠶᠢᠲᠠᠢ ᠠᠬᠢᠭᠤᠯᠵᠤ᠂ ᠴᠠᠭᠳᠠᠨ ᠪᠠᠶᠢᠴᠠᠭᠠᠬᠤ ᠶᠢ ᠬᠡᠯᠪᠡᠷᠢᠲᠡᠢ ᠪᠠᠷ ᠪᠦᠷᠬᠦᠭᠦᠯᠬᠦ ᠪᠠ ᠪᠦᠲᠦᠮᠵᠢᠲᠡᠢ ᠪᠦᠷᠬᠦᠭᠦᠯᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ︽ᠭᠦᠨᠵᠡᠭᠡᠢ ᠴᠠᠭᠳᠠᠨ ᠪᠠᠶᠢᠴᠠᠭᠠᠬᠤ᠂ ᠣᠨᠣᠪᠴᠢᠲᠠᠢ ᠴᠠᠭᠳᠠᠨ ᠪᠠᠶᠢᠴᠠᠭᠠᠬᠤ᠂ ᠪᠣᠳᠠᠲᠠᠢ ᠴᠠᠭᠳᠠᠨ ᠪᠠᠶᠢᠴᠠᠭᠠᠬᠤ︾ ᠳᠡᠭᠡᠷ᠎ᠡ ᠬᠦᠴᠦ ᠲᠠᠯᠪᠢᠵᠤ᠂ ᠡᠩ ᠤᠨ ᠴᠠᠭᠳᠠᠨ ᠪᠠᠶᠢᠴᠠᠭᠠᠬᠤ᠂ ᠲᠤᠰᠬᠠᠢ ᠴᠠᠭᠳᠠᠨ ᠪᠠᠶᠢᠴᠠᠭᠠᠬᠤ᠂ ᠴᠠᠭᠳᠠᠨ ᠪᠠᠶᠢᠴᠠᠭᠠᠬᠤ ︽ᠡᠷᠬᠢᠨ ᠬᠠᠷᠠᠬᠤ︾ ᠵᠡᠷᠭᠡ ᠠᠷᠭ᠎ᠠ ᠬᠡᠯᠪᠡᠷᠢ ᠪᠠᠷ ᠴᠠᠭᠳᠠᠨ ᠪᠠᠶᠢᠴᠠᠭᠠᠬᠤ ᠠᠵᠢᠯ ᠤᠨ ᠪᠦᠬᠦᠨ ᠢ ᠪᠦᠷᠬᠦᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ︽ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠶᠢ ᠴᠢᠨᠠᠷ ᠰᠠᠶᠢᠲᠠᠢ ᠴᠠᠭᠳᠠᠨ ᠪᠠᠶᠢᠴᠠᠭᠠᠵᠤ ᠪᠦᠬᠦᠨ ᠢ ᠬᠠᠮᠤᠷᠬᠤ ᠶᠢ ᠠᠬᠢᠭᠤᠯᠬᠤ ᠬᠠᠷᠠᠯᠲᠠ ᠡᠭᠦᠷᠭᠡ ᠪᠣᠯᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠳᠡᠭᠡᠷ᠎ᠡ᠂ 11 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵2022 ~ 2026 ᠣᠨ︶︾ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠪᠠ︔ ᠮᠠᠤ ᠽᠧ ᠳ᠋ᠦᠩ ᠨᠥᠬᠦᠷ ᠤᠨ ᠴᠣᠬᠤᠯᠠᠪᠤᠷᠢᠯᠠᠭᠰᠠᠨ ︽ᠹᠧᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠤᠢ ᠶᠢ ᠳᠤᠷᠠᠰᠬᠠᠬᠤ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠪᠤᠷᠢᠯᠠᠭᠰᠠᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ 20 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ᠶᠢ ᠰᠤᠷᠤᠯᠴᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号