| 11 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠬᠤᠰᠢᠭᠤᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠯᠲᠠ ᠶᠢ ᠬᠤᠯᠪᠣᠯᠳᠣᠭᠤᠯᠣᠨ ᠵᠣᠬᠢᠴᠠᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠢᠪᠡ᠃ ᠪᠦᠦ ᠸᠧᠨ ᠯᠠᠨ᠂ ᠶᠠᠩ ᠽᠢ ᠴᠢᠶᠠᠩ᠂ ᠦ᠋ ᠴᠢᠩ | ᠬᠠᠢ᠂ ᠯᠢᠦ ᠶᠦᠩ᠂ ᠯᠢᠦ ᠰᠢ ᠯᠢᠨ᠂ ᠰᠦᠸᠧ ᠮᠢᠩ ᠢᠦᠢ ᠵᠡᠷᠭᠡ ᠬᠤᠰᠢᠭᠤᠨ ᠤᠳᠤᠷᠢᠳᠤᠯᠭ᠎ᠠ ᠨᠠᠷ ᠬᠤᠷᠠᠯ ᠳᠤ | ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠬᠢᠨᠠᠯᠲᠠ ᠲᠠᠯᠪᠢᠯᠲᠠ ᠶᠢ ᠬᠤᠯᠪᠣᠭᠳᠠᠭᠤᠯᠬᠤ ᠶᠢ ᠵᠣᠬᠢᠴᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠩ ᠤᠯᠠᠨ ᠬᠠᠲᠠᠭᠤ ᠠᠷᠭ᠎ᠠ ᠬᠡᠮᠵᠢᠶ᠎ᠡ᠂ ᠪᠣᠳᠠᠲᠠᠢ ᠠᠷᠭ᠎ᠠ | ᠬᠡᠮᠵᠢᠶ᠎ᠡ ᠠᠪᠴᠤ᠂ ᠳᠦᠷᠢᠮ ᠲᠣᠭᠲᠠᠴᠠ ᠶᠢᠨ ᠪᠠᠶᠢᠭᠤᠯᠤᠯᠲᠠ ᠪᠣᠯᠣᠨ ᠬᠦᠴᠢᠷ ᠠᠰᠠᠭᠤᠳᠠᠯ ᠢ ᠰᠢᠢᠳᠪᠦᠷᠢᠯᠡᠬᠦ | ᠲᠠᠯ᠎ᠠ ᠪᠠᠷ ᠦᠨᠡᠨ ᠪᠣᠳᠠᠲᠠᠢ ᠠᠬᠢᠴᠠ ᠲᠠᠢ ᠪᠣᠯᠬᠤ ᠪᠠᠷ ᠴᠢᠷᠮᠠᠶᠢᠵᠤ᠂ ᠬᠢᠨᠠᠯᠲᠠ ᠲᠠᠯᠪᠢᠬᠤ ᠳᠦᠷᠢᠮ ᠤᠨ | ᠳᠠᠪᠠᠭᠤᠯᠢᠭ ᠢ ᠨᠡᠩ ᠰᠠᠶᠢᠨ ᠢᠶᠠᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠬᠤ | ᠬᠡᠷᠡᠭᠲᠡᠢ᠃ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠯᠲᠠ ᠶᠢ | ᠬᠤᠯᠪᠣᠭᠳᠠᠭᠤᠯᠬᠤ ᠥᠨᠳᠥᠷ ᠪᠦᠲᠦᠮᠵᠢᠲᠡᠢ ᠠᠵᠢᠯᠯᠠᠭᠠᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠨᠢᠭᠡᠳᠦᠯᠲᠡᠢ | ᠲᠥᠯᠥᠪᠵᠢᠭᠦᠯᠬᠦ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨᠠᠯᠲᠠ ᠲᠠᠯᠪᠢᠬᠤ ᠬᠦᠴᠦᠨ ᠢ ᠦᠨᠡᠨᠬᠦ ᠪᠦᠲᠦᠮᠵᠢᠲᠡᠢ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︔ ᠡᠯ᠎ᠡ ᠪᠦᠷᠢᠯᠳᠦᠭᠦᠨ ᠨᠢᠭᠡᠴᠡ ᠬᠢᠨ ︽ᠨᠢᠭᠡ ᠬᠥᠯᠭᠡ ᠰᠢᠲᠠᠷ᠎ᠠ︾ ᠶᠢᠨ | ᠦᠵᠡᠯ ᠰᠠᠨᠠᠭ᠎ᠠ ᠶᠢ ᠪᠣᠶ ᠪᠣᠯᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢ ᠳᠠᠭᠠᠬᠤ ᠪᠠ ᠲᠡᠭᠦᠨ ᠳᠤ | ᠦᠢᠯᠡᠴᠢᠯᠡᠵᠦ᠂ ᠠᠵᠢᠯ ᠳᠠᠭᠠᠨ ᠪᠦᠲᠦᠮᠵᠢᠲᠡᠶ ᠬᠠᠮᠵᠢᠯᠴᠠᠨ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤ ᠪᠠᠷ | ᠡᠳ᠋ᠯᠡᠵᠦ᠂ ᠡᠷᠬᠡ ᠬᠠᠷᠢᠭᠤᠴᠠᠯᠭ᠎ᠠ ᠬᠠᠮᠵᠢᠯᠴᠠᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠬᠢᠨᠠᠯᠲᠠ ᠲᠠᠯᠪᠢᠬᠤ | ᠲᠣᠣᠷ ᠢ ᠪᠠᠶᠢᠭᠤᠯᠤᠨ ᠪᠦᠷᠢᠯᠳᠦᠭᠦᠯᠬᠦ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ᠬᠢᠨᠠᠯᠲᠠ ᠲᠠᠯᠪᠢᠯᠲᠠ ᠶᠢ ᠬᠤᠯᠪᠣᠯᠳᠣᠭᠤᠯᠵᠤ ᠵᠣᠬᠢᠴᠠᠭᠤᠯᠤᠨ ᠵᠠᠰᠠᠬᠤ ᠦᠷ᠎ᠡ ᠪᠦᠲᠦᠮᠵᠢ ᠶᠢ | ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠨᠠᠮ ᠤᠨ ᠳᠣᠲᠣᠭᠠᠳᠤ ᠶᠢᠨ ᠬᠢᠨᠠᠯᠲᠠ | ᠲᠠᠯᠪᠢᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ ᠪᠦᠬᠦ ᠲᠠᠯ᠎ᠠ ᠪᠠᠷ ᠬᠢᠨᠠᠯᠲᠠ ᠲᠠᠯᠪᠢᠬᠤ ᠶᠢ ᠲᠦᠷᠦᠭᠦᠯᠡᠨ | ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭ᠎ᠠ ᠪᠣᠳᠠᠲᠠᠢ ᠠᠳᠬᠤᠵᠤ᠂ ᠡᠯ᠎ᠡ ᠲᠦᠷᠦᠯ ᠤᠨ | ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ ᠳᠠᠷᠠᠭᠠᠯᠠᠯ ᠢ ᠨᠡᠶᠢᠳᠬᠡᠬᠦ᠂ ᠠᠵᠢᠯ ᠢ ᠠᠭᠤᠰᠤᠯᠴᠠᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠨᠠᠯᠲᠠ ᠲᠠᠯᠪᠢᠬᠤ ᠠᠵᠢᠯ ᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠯᠣᠭᠤᠳᠤᠯᠭ᠎ᠠ᠂ ᠡᠬᠢ ᠪᠠᠶᠠᠯᠢᠭ ᠤᠨ ᠬᠦᠴᠦᠨ ᠢ ᠨᠡᠶᠢᠳᠬᠡᠬᠦ᠂ ᠠᠷᠭ᠎ᠠ ᠬᠡᠮᠵᠢᠶ᠎ᠡ ᠠᠷᠭ᠎ᠠ | ᠪᠠᠷᠢᠯ ᠢ ᠬᠡᠷᠡᠭᠯᠡᠬᠦ ᠲᠠᠯ᠎ᠠ ᠪᠠᠷ ᠨᠡᠩ ᠬᠠᠮᠵᠢᠯᠴᠠᠭᠤᠯᠵᠤ᠂ ᠨᠠᠮ ᠤᠨ ᠤᠳᠤᠷᠢᠳᠤᠯᠭ᠎ᠠ ᠪᠠ ᠬᠢᠨᠠᠯᠲᠠ ᠶᠢ ᠢᠮᠠᠭᠲᠠ | ᠡᠴᠦᠰ ᠲᠤᠨᠢ ᠲᠤᠯᠲᠠᠯ᠎ᠠ ᠬᠢᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠬᠢᠨ ᠬᠢᠨᠠᠯᠲᠠ ᠲᠠᠯᠪᠢᠬᠤ ᠰᠢᠰᠲ᠋ᠧᠮ ᠢᠶᠠᠨ ᠲᠡᠭᠦᠯᠳᠡᠷᠵᠢᠭᠦᠯᠬᠦ ᠶᠢ ᠠᠬᠢᠭᠤᠯᠬᠤ ᠴᠢᠬᠤᠯᠠ ᠲᠤᠰᠢᠶᠠᠯ | ᠬᠠᠷᠢᠭᠤᠴᠠᠯᠭ᠎ᠠ ᠶᠢ ᠵᠠᠶᠢᠯᠠᠵᠤ ᠪᠣᠯᠣᠰᠢ ᠦᠭᠡᠢ ᠡᠭᠦᠷᠭᠡᠯᠡᠵᠦ᠂ ᠲᠤᠰᠬᠠᠢ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠶᠢ | ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠦᠷᠦᠭᠦᠯᠡᠨ ᠶᠡᠷᠦᠩᠬᠡᠶᠢᠯᠡᠨ | ᠠᠳᠬᠤᠬᠤ᠂ ᠡᠯ᠎ᠡ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠬᠤ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ | ᠪᠤᠢ ᠪᠣᠯᠭᠠᠵᠤ᠂ ᠬᠢᠨᠠᠯᠲᠠ ᠲᠠᠯᠪᠢᠬᠤ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ | ᠠᠷᠭ᠎ᠠ ᠬᠡᠮᠵᠢᠶ᠎ᠡ ᠶᠢᠨ ᠲᠠᠯ᠎ᠠ ᠪᠠᠷ ᠬᠠᠮᠵᠢᠯᠴᠠᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠠᠵᠢᠯ ᠤᠨ | ᠲᠣᠭᠲᠠᠴᠠ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠵᠦ᠂ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ | ᠪᠦᠲᠦᠮᠵᠢᠲᠡᠶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ | ᠲᠥᠷᠥᠯ ᠤᠨ ᠬᠢᠨᠠᠯᠲᠠ ᠶᠢᠨ ᠭᠤᠣᠯ ᠴᠣᠭᠴᠠ ᠨᠢ ᠦᠪᠡᠷ ᠦᠪᠡᠷ ᠤᠨ ᠬᠢᠨᠠᠯᠲᠠ ᠶᠢᠨ ᠪᠠᠶᠢᠷᠢ ᠲᠣᠭᠲᠠᠭᠠᠯᠲᠠ ᠪᠠ | ᠳᠠᠪᠠᠭᠤᠯᠢᠭ ᠲᠠᠭᠠᠨ ᠰᠠᠭᠤᠷᠢᠯᠠᠨ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠬᠦᠴᠦᠲᠡᠢ ᠪᠥᠭᠡᠳ ᠪᠦᠲᠦᠮᠵᠢᠲᠡᠶ ᠬᠢᠨᠠᠯᠲᠠ ᠪᠠᠷ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ | ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠲᠤᠬᠠᠢ ᠠᠷᠪᠠᠨ ᠵᠤᠷᠪᠤᠰ ᠰᠠᠨᠠᠯ ᠤᠨ ᠮᠡᠳᠡᠭᠳᠡᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠵᠢᠬᠤᠯᠪᠣᠭᠳᠠᠭᠤᠯᠬᠤ ᠶᠢ | ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ᠡᠯ᠎ᠡ ᠲᠥᠷᠥᠯ ᠤᠨ | ᠬᠢᠨᠠᠯᠲᠠ ᠲᠠᠯᠪᠢᠬᠤ ᠶᠢ ᠬᠤᠯᠪᠣᠯᠳᠣᠭᠤᠯᠣᠨ ᠵᠣᠬᠢᠴᠠᠭᠤᠯᠬᠤ ᠠᠵᠢᠯ ᠢ ᠠᠬᠢᠭᠤᠯᠬᠤ ᠲᠤᠬᠠᠢ ᠬᠡᠷᠡᠭᠵᠢᠭᠦᠯᠬᠦ ᠠᠷᠭ᠎ᠠ ︵ | ᠲᠤᠷᠰᠢᠨ ᠬᠡᠷᠡᠭᠵᠢᠭᠦᠯᠬᠦ︶ ᠶᠢᠨ ᠮᠡᠳᠡᠭᠳᠡᠯ ᠪᠠ ᠬᠤᠲᠠ ᠶᠢᠨ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ | ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ ᠵᠡᠷᠭᠡ ᠪᠢᠴᠢᠭ ᠮᠠᠲ᠋ᠧᠷᠢᠶᠠᠯ ᠢ | ᠤᠯᠠᠮᠵᠢᠯᠠᠨ ᠰᠤᠷᠤᠯᠴᠠᠪᠠ︔ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ | ᠬᠤᠯᠪᠣᠭᠳᠠᠭᠤᠯᠬᠤ ᠶᠢ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ︵ | ᠲᠤᠷᠰᠢᠨ ᠬᠡᠷᠡᠭᠵᠢᠭᠦᠯᠬᠦ︶ ᠪᠠ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ | ᠬᠤᠯᠪᠣᠭᠳᠠᠭᠤᠯᠬᠤ ᠶᠢ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ | ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ ᠢ ᠬᠢᠨᠠᠨ ᠵᠥᠪᠯᠡᠪᠡ᠃ |