ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠲᠤᠰᠬᠠᠢ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠵᠦ ᠠᠭᠤᠯᠠ ᠤᠰᠤᠨ ᠤ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠳᠤᠭᠡᠯ ᠢ ᠰᠠᠬᠢᠨ ᠬᠠᠮᠠᠭᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2023/12/13
         ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠎ᠠ ᠭᠡᠵᠦ ᠳᠤᠷᠠᠳᠤᠭᠰᠠᠨ ᠠᠴᠠ ᠨᠠᠰᠢ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠬᠢᠨ ᠠᠭᠤᠯᠠ ᠤᠰᠤᠨ ᠤ ᠢᠨᠵᠧᠨᠧᠷᠢᠩ ᠢ ᠢᠮᠠᠭᠲᠠ ᠣᠶ ᠰᠢᠭᠤᠢ ᠨᠤᠳᠤᠭ ᠪᠡᠯᠴᠢᠭᠡᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠦᠷᠬᠦᠯᠵᠢᠯᠡᠭᠦᠶᠢᠴᠡ ᠬᠥᠭᠵᠢᠯᠲᠡ ᠶᠢ ᠠᠬᠢᠭᠤᠯᠬᠤ ᠰᠠᠭᠤᠷᠢ ᠢᠨᠵᠧᠨᠧᠷᠢᠩ ᠪᠣᠯᠭᠠᠭᠰᠠᠭᠠᠷ ᠢᠷᠡᠵᠡᠶ᠃ ᠲᠡᠭᠦᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤᠯᠠᠬᠤ ᠶᠢᠨ ᠲᠥᠯᠥᠭᠡ ᠂ ᠬᠤᠰᠢᠭᠤᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ  ᠡᠪᠡᠰᠤ ᠮᠠᠯ ᠢ ᠲᠡᠩᠴᠡᠭᠦᠷᠢ ᠲᠠᠢ ᠪᠠᠶᠢᠯᠭᠠᠬᠤ ᠬᠠᠤᠯᠢ ᠬᠡᠷᠡᠭᠵᠢᠭᠦᠯᠬᠦ ᠲᠤᠰᠬᠠᠢ ᠠᠩᠭᠢ ᠪᠠᠶᠢᠭᠤᠯᠵᠤ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠪᠠᠷ ᠲᠦᠷᠦᠭᠦᠯᠡᠭᠦᠯᠦᠨ ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ᠂ ᠠᠭᠤᠯᠠ ᠤᠰᠤᠨ ᠤ ᠢᠨᠵᠧᠨᠧᠷᠢᠩ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠭ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠰᠬᠠᠢ ᠬᠠᠤᠯᠢ ᠬᠡᠷᠡᠭᠵᠢᠭᠦᠯᠬᠦ ᠠᠵᠢᠯ ᠦᠷᠨᠢᠭᠦᠯᠪᠡ᠃
微信图片_20231213102044.jpg
        ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠰᠡᠯᠬᠦᠨ ᠮᠠᠯᠵᠢᠬᠤ ᠲᠤᠰᠬᠠᠢ ᠠᠵᠢᠯᠯᠠᠭ᠎ᠠ ᠶᠢ ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠠᠭᠤᠯᠠ ᠤᠰᠤᠨ ᠤ ᠢᠨᠵᠧᠨᠧᠷᠢᠩ ᠤᠨ ᠲᠥᠷᠥᠯ ᠵᠦᠢᠯ ᠤᠨ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠤ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷᠲᠤ ᠴᠢᠨᠠᠷ ᠪᠠ ᠢᠳᠡᠪᠬᠢᠵᠢᠯ ᠢ ᠪᠦᠲᠦᠮᠵᠢᠲᠡᠶ ᠴᠢᠩᠭᠠᠳᠬᠠᠪᠠ᠃    
微信图片_20231213104103.jpg
        ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠦᠷᠭᠦᠯᠵᠢᠯᠡᠨ ᠬᠦᠴᠦᠯᠡᠵᠦ᠂ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠴᠤᠬᠤᠶᠢᠪᠠᠯ ᠳᠠᠷᠤᠢ ᠴᠣᠬᠢᠯᠲᠠ ᠥᠭᠴᠦ᠂ ᠡᠷᠲᠡ ᠠᠴᠠ ᠪᠠᠭ᠎ᠠ ᠲᠡᠭᠡᠷ᠎ᠡ ᠨᠢ ᠴᠣᠬᠢᠯᠲᠠ ᠥᠭᠬᠦ ᠶᠢ ᠪᠠᠷᠢᠮᠲᠠᠯᠠᠨ᠂ ᠡᠨᠡᠬᠦ ᠦᠶᠯᠡ ᠠᠵᠢᠯᠯᠠᠭ᠎ᠠ ᠤᠯᠠᠨ ᠪᠤᠯᠵᠦ ᠮᠠᠭᠤ ᠦᠷ᠎ᠡ ᠳ᠋ᠦᠩ ᠭᠠᠷᠬᠤ ᠠᠴᠠ ᠢᠮᠠᠭᠳᠠ ᠰᠡᠷᠭᠡᠶᠢᠯᠡᠵᠦ᠂ ᠬᠠᠮᠤᠭ ᠤᠨ ᠴᠢᠩᠭ᠎ᠠ ᠬᠠᠤᠯᠢ ᠶᠢᠨ ᠵᠠᠰᠠᠯᠳᠠ ᠪᠠᠷ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠭᠤᠯᠠ ᠤᠰᠤᠨ ᠤ ᠢᠨᠵᠧᠨᠧᠷᠢᠩ ᠤᠨ ᠣᠶ ᠰᠢᠭᠤᠢ ᠨᠤᠳᠤᠭ ᠪᠡᠯᠴᠢᠭᠡᠷ ᠤᠨ ᠲᠥᠷᠥᠯ ᠵᠦᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠵᠶ᠋ᠠᠨ‌ᠢ ᠪᠠᠲᠤᠯᠠᠵᠤ᠂ ᠡᠭᠦᠨ ᠤ ᠤᠯᠠᠮ ᠢᠶᠠᠷ ᠬᠥᠬᠡᠮᠳᠦᠭ ᠨᠣᠭᠤᠭᠠᠨ ᠠᠭᠤᠯᠠ ᠤᠰᠤᠨ ᠤ ᠰᠠᠭᠤᠷᠢ ᠥᠩᠭᠡ ᠂ ᠠᠯᠲᠠ ᠮᠥᠩᠭᠦᠨ ᠠᠭᠤᠯᠠ ᠶᠢᠨ ᠶᠠᠰᠤ ᠴᠢᠨᠠᠷ ᠢ ᠨᠠᠩ ᠰᠠᠶᠢᠨ ᠪᠣᠯᠭᠠᠨ᠎ᠠ ᠭᠡᠪᠡ᠃     
微信图片_20231213104107.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号