| 12 ᠰᠠᠷ᠎ᠠ ᠶᠢᠨ 13 ᠤ ᠡᠳᠦᠷ᠂ ᠵᠠᠷᠤᠳ ᠬᠤᠰᠢᠭᠤ ᠬᠤᠲᠠ ᠪᠠᠯᠭᠠᠰᠤᠨ ᠤ ᠲᠣᠭᠲᠠᠭᠠᠯ ᠢᠶᠠᠷ ᠵᠥᠷᠢᠴᠡᠭᠰᠡᠨ | ᠪᠠᠷᠢᠯᠭ᠎ᠠ ᠪᠠ ᠭᠡᠷ ᠤᠨ ᠭᠠᠳᠠᠨᠠᠬᠢ ᠵᠠᠷ ᠮᠡᠳᠡᠭᠡ ᠱᠣᠰᠢᠭ᠎ᠠ ᠢᠯᠡᠷᠬᠡᠶᠢᠯᠡᠯ ᠲᠣᠨᠤᠭ ᠲᠥᠬᠦᠭᠡᠷᠦᠮᠵᠢ ᠶᠢ ᠴᠡᠭᠴᠡᠯᠡᠨ | ᠵᠠᠰᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ | ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ | ᠪᠠᠯᠭᠠᠰᠤ ᠲᠠᠯᠠᠪᠠᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠳᠠᠷᠤᠭ᠎ᠠ᠂ ᠯᠦᠪᠸᠢ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠡᠷᠬᠢᠯᠡᠭᠴᠢ᠂ ᠬᠠᠮᠢᠶ᠎ᠠ ᠪᠦᠬᠦᠢ | ᠠᠵᠢᠯᠲᠠᠳ ᠬᠤᠷᠠᠯ ᠳᠤ ᠣᠷᠣᠯᠴᠠᠪᠠ᠃ | ᠵᠠᠩ ᠯᠢ ᠭᠦᠸᠧ ᠵᠢᠭᠠᠪᠣᠷᠢᠯᠠᠭᠰᠠᠨ ᠨᠢ᠂ ᠬᠤᠲᠠ ᠶᠢᠨ ᠣᠷᠴᠢᠨ ᠲᠣᠭᠤᠷᠢᠨ ᠤ ᠳᠦᠷᠢ ᠲᠥᠷᠬᠦ ᠪᠣᠯ | ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠪᠣᠯᠪᠠᠰᠤᠨ ᠤ ᠬᠡᠮᠵᠢᠶ᠎ᠡ᠂ ᠬᠠᠮᠢᠶᠠᠷᠤᠯᠲᠠ ᠶᠢᠨ ᠬᠢᠷᠢ | ᠲᠦᠪᠰᠢᠨ ᠤ ᠭᠠᠳᠠᠭᠠᠳᠤ ᠢᠯᠡᠷᠡᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠲᠣᠭᠲᠠᠭᠠᠯ ᠢᠶᠠᠷ ᠵᠥᠷᠢᠴᠡᠭᠰᠡᠨ ᠪᠠᠷᠢᠯᠭ᠎ᠠ ᠳᠤ ᠣᠷᠣᠰᠢᠵᠤ ᠪᠠᠶᠢᠭ᠎ᠠ ᠶᠢᠨ ᠠᠶᠤᠯ ᠲᠦᠭᠰᠢᠭᠦᠷᠢ᠂ ᠣᠯᠠᠨ ᠨᠡᠶᠢᠲᠡ | ᠶᠢᠨ ᠡᠬᠢ ᠪᠠᠶᠠᠯᠢᠭ ᠢ ᠪᠦᠷᠢᠯᠭᠡᠨ ᠰᠦᠢᠳᠬᠡᠬᠦ᠂ ᠬᠤᠲᠠ ᠬᠥᠳᠡᠭᠡ ᠶᠢᠨ ᠴᠢᠳᠠᠮᠵᠢ ᠪᠣᠯᠣᠨ ᠳᠦᠷᠢ ᠲᠥᠷᠬᠦ ᠶᠢ | ᠬᠤᠬᠢᠷᠠᠭᠤᠯᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ | ᠠᠵᠤ ᠠᠬᠤᠢ ᠶᠢᠨ ᠡᠮᠬᠢ ᠵᠢᠷᠤᠮ ᠢ ᠡᠪᠳᠡᠬᠦ᠂ ᠠᠮᠤᠷ ᠲᠦᠪᠰᠢᠨ ᠤ ᠳᠠᠯᠳᠠ ᠭᠡᠮ ᠢ ᠠᠮᠠᠷᠬᠠᠨ ᠡᠭᠦᠰᠬᠡᠬᠦ ᠵᠡᠷᠭᠡ | ᠬᠤᠣᠷ ᠬᠥᠨᠥᠭᠡᠯ ᠢ ᠭᠦᠢᠴᠡᠳ ᠲᠠᠨᠢᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠲᠤ ᠪᠤᠶ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠲᠠ ᠶᠢᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠶᠠᠷ ᠵᠦᠢᠯ ᠤᠨ ᠴᠡᠭᠴᠡᠯᠡᠨ | ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠥᠷᠥ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠬᠤᠲᠠ ᠪᠠᠯᠭᠠᠰᠤ ᠶᠢᠨ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠬᠤᠲᠠ ᠪᠠᠯᠭᠠᠰᠤ ᠶᠢᠨ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠳᠠᠲᠤ ᠬᠡᠷᠡᠭᠴᠡᠭᠡ ᠶᠢᠨ ᠳᠡᠭᠡᠳᠦ | ᠬᠡᠮᠵᠢᠶᠡᠨ ᠠᠴᠠ ᠬᠤᠶᠠᠷ ᠵᠦᠢᠯ ᠤᠨ ᠴᠡᠭᠴᠡᠯᠡᠨ ᠵᠠᠰᠠᠬᠤ ᠠᠵᠢᠯ ᠢ ᠲᠠᠨᠢᠵᠤ᠂ ᠬᠤᠶᠠᠷ ᠵᠦᠢᠯ ᠤᠨ ᠴᠡᠭᠴᠡᠯᠡᠨ | ᠵᠠᠰᠠᠬᠤ ᠠᠵᠢᠯ ᠢ ᠠᠬᠢᠭᠤᠯᠵᠤ᠂ ᠨᠠᠶᠢᠳᠠᠪᠤᠷᠢᠵᠢᠭᠤᠯᠤᠨ᠂ ᠬᠠᠤᠯᠢ ᠵᠦᠷᠢᠴᠡᠭᠰᠡᠨ ᠳᠤᠷ᠎ᠠ ᠪᠠᠷ ᠢᠶᠠᠨ ᠪᠠᠷᠢᠭᠰᠠᠨ | ᠪᠠᠷᠢᠯᠭ᠎ᠠ ᠳᠤ ᠡᠷᠡᠰ ᠴᠣᠬᠢᠯᠲᠠ ᠥᠭᠴᠦ᠂ ᠬᠠᠤᠯᠢ ᠲᠣᠭᠲᠠᠭᠠᠯ ᠢᠶᠠᠷ ᠵᠦᠷᠢᠴᠡᠭᠰᠡᠨ ᠪᠠᠷᠢᠯᠭ᠎ᠠ ᠪᠠ ᠭᠡᠷ ᠤᠨ | ᠭᠠᠳᠠᠨᠠᠬᠢ ᠵᠢᠷᠣᠮᠵᠢᠯ ᠦᠭᠡᠢ ᠵᠠᠷ ᠮᠡᠳᠡᠭᠡ ᠱᠣᠰᠢᠭ᠎ᠠ ᠢᠯᠡᠷᠬᠡᠶᠢᠯᠡᠯ ᠢ ᠵᠢᠷᠤᠮᠵᠢᠯ ᠦᠭᠡᠶᠢᠰᠭᠡᠵᠦ᠂ ᠥᠷᠭᠡᠨ ᠣᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠵᠠᠩ ᠯᠢ ᠭᠦᠸᠧ ᠱᠠᠭᠠᠷᠳᠠᠭᠰᠠᠨ ᠨᠢ᠂ ︽ᠵᠠᠷᠤᠳ ᠬᠤᠰᠢᠭᠤᠨ ᠤ ᠬᠤᠲᠠ ᠪᠠᠯᠭᠠᠰᠤ ᠶᠢᠨ ᠲᠣᠭᠲᠠᠭᠠᠯ ᠢᠶᠠᠷ | ᠵᠥᠷᠢᠴᠡᠭᠰᠡᠨ ᠪᠠᠷᠢᠯᠭ᠎ᠠ ᠶᠢᠨ ᠲᠤᠰᠬᠠᠢ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠥᠯ︾ ᠪᠠ ︽ᠵᠠᠷᠤᠳ | ᠬᠤᠰᠢᠭᠤᠨ ᠤ ᠬᠤᠲᠠ ᠪᠠᠯᠭᠠᠰᠤ ᠶᠢᠨ ᠭᠡᠷ ᠤᠨ ᠭᠠᠳᠠᠨᠠᠬᠢ ᠵᠠᠷ ᠮᠡᠳᠡᠭᠡ ᠱᠣᠰᠢᠭ᠎ᠠ ᠢᠯᠡᠷᠬᠡᠶᠢᠯᠡᠯ ᠲᠣᠨᠤᠭ | ᠪᠡᠯᠡᠳᠬᠡᠮᠵᠢ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠰᠠᠶᠢᠲᠤᠷ ᠪᠠᠶᠢᠭᠤᠯᠵᠤ᠂ ᠴᠠᠭ | ᠬᠤᠭᠤᠴᠠᠭ᠎ᠠ ᠵᠠᠩᠭᠢᠯᠠᠭ᠎ᠠ ᠶᠢᠨ ᠴᠡᠭ ᠢ ᠦᠨᠳᠦᠰᠦᠯᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ | ᠨᠢᠭᠡᠨᠲᠡ ᠪᠣᠶ ᠪᠣᠯᠤᠭᠰᠠᠨ ᠲᠣᠭᠲᠠᠭᠠᠯ ᠢᠶᠠᠷ ᠵᠥᠷᠢᠴᠡᠭᠰᠡᠨ ᠪᠠᠷᠢᠯᠭ᠎ᠠ ᠵᠢᠴᠢ ᠲᠣᠭᠲᠠᠭᠠᠯ ᠠᠴᠠ ᠵᠥᠷᠢᠴᠡᠭᠰᠡᠨ ᠵᠠᠷ | ᠮᠡᠳᠡᠭᠡ ᠱᠣᠰᠢᠭ᠎ᠠ ᠢᠯᠡᠷᠬᠡᠶᠢᠯᠡᠯ ᠢ ᠬᠠᠤᠯᠢ ᠶᠣᠰᠣᠭᠠᠷ ᠨᠤᠷᠠᠭᠠᠵᠤ᠂ ᠰᠢᠨ᠎ᠡ ᠪᠠᠷ ᠪᠠᠶᠢᠭᠤᠯᠤᠭᠰᠠᠨ ᠪᠡᠯᠡᠳᠬᠡᠮᠵᠢ ᠶᠢ | ᠰᠢᠨ᠎ᠡ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ︔ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠨ᠂ ᠢᠯᠡ ᠪᠠᠷ ᠠᠵᠢᠯᠯᠠᠬᠤ ᠶᠢ ᠴᠢᠩᠭ᠎ᠠ ᠭᠦᠢᠴᠡᠳᠬᠡᠵᠦ᠂ ︽ᠪᠠᠷᠢᠮᠵᠢᠶ᠎ᠠ ᠪᠠᠷ ᠡᠴᠦᠰ ᠲᠤᠨᠢ ᠲᠤᠯᠲᠠᠯ᠎ᠠ | ᠬᠡᠷᠡᠭᠵᠢᠭᠦᠯᠬᠦ︾ ᠶᠢ ᠪᠠᠷᠢᠮᠲᠠᠯᠠᠨ᠂ ᠵᠣᠷᠢᠭᠲᠠᠢ ᠪᠠᠷ ᠦᠨᠡᠨ ᠢ ᠪᠠᠷᠢᠮᠲᠠᠯᠠᠨ ᠪᠣᠲᠠᠲᠠᠢ ᠬᠢᠬᠦ ᠶᠢᠨ ᠬᠠᠮᠲᠤ᠂ ᠬᠠᠤᠯᠢ | ᠬᠡᠷᠡᠭᠵᠢᠭᠦᠯᠬᠦ ᠶᠠᠪᠤᠴᠠ ᠳᠠᠬᠢ ᠬᠠᠮᠢᠶ᠎ᠠ ᠪᠦᠬᠦᠢ ᠳᠦᠷᠰᠦ ᠰᠢᠩᠭᠡᠭᠡᠬᠦ ᠲᠡᠮᠳᠡᠭᠯᠡᠬᠦ ᠠᠵᠢᠯ ᠢ ᠬᠠᠤᠯᠢ ᠶᠣᠰᠣᠭᠠᠷ | ᠰᠠᠶᠢᠲᠤᠷ ᠬᠢᠵᠦ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢᠶᠠᠷ ᠴᠡᠭᠴᠡᠯᠡᠨ ᠵᠠᠰᠠᠬᠤ ᠠᠵᠢᠯ ᠤᠨ ᠪᠥᠬᠦ | ᠶᠠᠪᠤᠴᠠ ᠳᠤ ᠲᠤᠤᠱᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠷ | ᠬᠥᠲᠥᠯᠥᠨ ᠵᠢᠯᠤᠭᠤᠳᠬᠤ ᠶᠢ ᠤᠯᠠᠨ ᠠᠷᠭ᠎ᠠ ᠵᠠᠮ ᠢᠶᠠᠷ ᠴᠢᠩᠭᠠᠳᠬᠠᠵᠤ᠂ ᠺᠠᠳ᠋ᠷ ᠤᠯᠠᠨ ᠲᠦᠮᠡᠨ ᠳᠤ | ᠲᠣᠭᠲᠠᠭᠠᠯ ᠢᠶᠠᠷ ᠵᠦᠷᠢᠴᠡᠭᠰᠡᠨ ᠪᠠᠷᠢᠯᠭ᠎ᠠ ᠪᠠ ᠲᠣᠭᠲᠠᠭᠠᠯ ᠠᠴᠠ ᠵᠦᠷᠢᠴᠡᠭᠰᠡᠨ ᠭᠡᠷ ᠤᠨ ᠭᠠᠳᠠᠨᠠᠬᠢ ᠵᠠᠷ ᠮᠡᠳᠡᠭᠡ | ᠱᠣᠰᠢᠭ᠎ᠠ ᠢᠯᠡᠷᠬᠡᠶᠢᠯᠡᠯ ᠪᠠᠶᠢᠷᠢᠯᠠᠭᠤᠯᠬᠤ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠢᠨᠵᠢ ᠴᠢᠨᠠᠷ ᠪᠠ ᠬᠦᠨᠳᠦ | ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠶᠢ ᠭᠦᠨᠵᠡᠭᠡᠢ ᠲᠠᠨᠢᠭᠤᠯᠵᠤ᠂ ᠥᠷᠭᠡᠨ ᠤᠯᠠᠨ | ᠲᠦᠮᠡᠨ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠶᠡᠭᠡ ᠪᠠᠷ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ ᠭᠡᠪᠡ᠃ | ᠵᠠᠩ ᠯᠢ ᠭᠦᠸᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠶᠠᠷ ᠵᠦᠢᠯ ᠤᠨ ᠴᠡᠭᠴᠡᠯᠡᠨ ᠵᠠᠰᠠᠬᠤ ᠠᠵᠢᠯ ᠤᠨ ᠪᠤᠳᠤᠯᠢᠶᠠᠨᠲᠤ ᠴᠢᠨᠠᠷ᠂ ᠪᠡᠷᠬᠡ | ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠣᠷᠣᠯᠴᠠᠵᠤ᠂ | ᠪᠡᠶ᠎ᠡ ᠪᠠᠷ ᠢᠶᠠᠨ ᠲᠤᠰ ᠨᠢᠭᠡᠴᠡ ᠶᠢᠨ ᠢᠶᠠᠨ ᠬᠠᠷᠢᠭᠤᠴᠠᠵᠤ ᠪᠠᠶᠢᠭ᠎ᠠ ᠠᠵᠢᠯ ᠤᠨ ᠬᠤᠪᠢᠶᠠᠷᠢᠯᠠᠯ ᠡᠭᠦᠷᠭᠡ ᠢᠶᠠᠷ | ᠱᠠᠭᠠᠷᠳᠠᠨ ᠪᠠᠶᠢᠴᠠᠭᠠᠵᠤ᠂ ᠬᠤᠶᠠᠷ ᠵᠦᠢᠯ ᠤᠨ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠪᠣᠳᠠᠲᠠᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠬᠢᠨ ᠬᠤᠭᠤᠷᠣᠨᠳᠤ ᠪᠠᠨ ᠬᠤᠯᠪᠤᠭᠠᠯᠠᠨ | ᠬᠥᠳᠡᠯᠦᠯᠴᠡᠬᠦ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠥᠰᠥᠯ ᠳᠤ | ᠲᠣᠳᠣᠷᠬᠠᠶᠢᠯᠠᠭᠰᠠᠨ ᠱᠠᠭᠠᠷᠳᠠᠯᠭ᠎ᠠ ᠶᠣᠰᠣᠭᠠᠷ ᠠᠵᠢᠯ ᠢᠶᠠᠨ ᠬᠠᠮᠲᠤᠷᠠᠨ ᠥᠷᠨᠢᠭᠦᠯᠵᠦ᠂ ᠪᠦᠬᠦᠯᠢ ᠴᠣᠭᠴᠠ ᠶᠢᠨ | ᠠᠵᠢᠯ ᠤᠨ ᠡᠭᠦᠷᠭᠡ ᠪᠠᠨ ᠬᠠᠮᠲᠤᠪᠠᠷ ᠪᠡᠶᠡᠯᠡᠭᠦᠯᠬᠦ ᠬᠡᠷᠡᠭᠲᠡᠢ᠃ ᠬᠤᠶᠠᠷ ᠵᠦᠢᠯ ᠤᠨ ᠴᠡᠭᠴᠡᠯᠡᠨ ᠵᠠᠰᠠᠬᠤ ᠠᠵᠢᠯ ᠢᠶᠠᠷ | ᠠᠵᠠ ᠲᠣᠬᠢᠶᠠᠯ ᠪᠣᠯᠭᠠᠵᠤ᠂ ᠡᠬᠢ ᠡᠭᠦᠰᠦᠯ ᠢ ᠨᠢ ᠦᠨᠳᠦᠰᠦᠨ ᠠᠴᠠ ᠨᠢ ᠵᠠᠰᠠᠬᠤ᠂ ᠬᠠᠮᠢᠶᠠᠷᠤᠯᠲᠠ ᠪᠠᠨ | ᠴᠢᠩᠭᠠᠳᠬᠠᠬᠤ᠂ ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠠᠵᠢᠯ ᠤᠨ ᠳᠦᠷᠢᠮᠵᠢᠭᠦᠯᠦᠯᠲᠡ | ᠂ ᠵᠢᠷᠤᠮᠵᠢᠭᠤᠯᠤᠯᠲᠠ᠂ ᠪᠠᠶᠢᠩᠭᠤᠵᠢᠯᠳᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠡᠯ᠎ᠡ ᠰᠠᠯᠠᠭ᠎ᠠ ᠮᠥᠴᠢᠷ | ᠬᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠶᠢᠯᠭᠠᠬᠤ᠂ ᠬᠠᠮᠢᠶᠠᠷᠤᠨ ᠡᠵᠡᠮᠳᠡᠬᠦ ᠦᠷ᠎ᠡ | ᠪᠦᠲᠦᠮᠵᠢ ᠪᠠᠨ ᠢᠯᠡᠳᠲᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠢᠨᠠᠨ ᠵᠥᠪᠰᠢᠶᠡᠷᠡᠬᠦ | ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠤᠨ ᠭᠠᠳᠠᠨᠠᠬᠢ ᠵᠠᠷ ᠮᠡᠳᠡᠭᠡ ᠱᠣᠰᠢᠭ᠎ᠠ | ᠢᠯᠡᠷᠬᠡᠶᠢᠯᠡᠯ ᠢ ᠬᠢᠨᠠᠨ ᠵᠥᠪᠰᠢᠶᠡᠷᠡᠬᠦ ᠵᠦᠢᠯᠡᠰ ᠢ ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠤᠨ ᠲᠥᠪᠯᠡᠷᠡᠭᠦᠯᠦᠨ | ᠭᠦᠢᠴᠡᠳᠬᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠴᠢᠩᠭ᠎ᠠ ᠬᠡᠷᠡᠭᠵᠢᠭᠦᠯᠦᠨ᠂ ᠲᠣᠭᠲᠠᠭᠠᠯ ᠠᠴᠠ ᠵᠥᠷᠢᠴᠡᠨ | ᠱᠣᠰᠢᠭ᠎ᠠ ᠢᠯᠡᠷᠬᠡᠶᠢᠯᠡᠯ ᠢ ᠵᠠᠰᠠᠬᠤ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠥᠷᠭᠡᠳᠬᠡᠵᠦ᠂ ᠲᠣᠭᠲᠠᠭᠠᠯ ᠠᠴᠠ | ᠵᠥᠷᠢᠴᠡᠨ ᠱᠣᠰᠢᠭ᠎ᠠ ᠢᠯᠡᠷᠬᠡᠶᠢᠯᠡᠯ ᠢ ᠬᠢᠨᠠᠨ ᠬᠠᠮᠢᠶᠠᠷᠬᠤ ᠶᠢ ᠨᠡᠶᠢᠳᠡᠮ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠢ | ᠭᠡᠪᠡ᠃ | ᠬᠤᠷᠠᠯ ᠳᠡᠭᠡᠷ᠎ᠡ ᠪᠠᠰᠠ ᠪᠦᠭᠦ ᠬᠤᠰᠢᠭᠤᠨ ᠤ ᠬᠤᠲᠠ ᠪᠠᠯᠭᠠᠰᠤᠨ ᠤ ᠲᠣᠭᠲᠠᠭᠠᠯ ᠠᠴᠠ ᠵᠦᠷᠢᠴᠡᠨ | ᠪᠠᠶᠢᠭᠤᠯᠣᠭᠰᠠᠨ ᠪᠠᠷᠢᠯᠭ᠎ᠠ ᠶᠢ ᠴᠡᠭᠴᠡᠯᠡᠨ ᠵᠠᠰᠠᠬᠤ ᠲᠥᠰᠥᠯ ᠪᠠ ᠬᠤᠲᠠ ᠪᠠᠯᠭᠠᠰᠤᠨ ᠤ ᠭᠡᠷ ᠤᠨ ᠭᠠᠳᠠᠨᠠᠬᠢ ᠵᠠᠷ | ᠮᠡᠳᠡᠭᠡ ᠱᠣᠰᠢᠭ᠎ᠠ ᠢᠯᠡᠷᠬᠡᠶᠢᠯᠡᠯ ᠲᠣᠨᠤᠭ ᠲᠥᠬᠦᠭᠡᠷᠦᠮᠵᠢ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ | ᠲᠥᠰᠥᠯ ᠳᠤ ᠲᠠᠶᠢᠯᠤᠮᠵᠢ ᠬᠢᠪᠡ᠃ | | | |