ᠵᠠᠷᠤᠳ ᠬᠤᠰᠢᠭᠤ ᠬᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/12/14
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ  ᠲᠦᠪᠯᠡᠷᠡᠭᠦᠯᠬᠦ ᠶᠢᠨ ᠲᠥᠯᠥᠭᠡ᠂ 12 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ  ᠬᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠲᠤᠰᠬᠠᠢ ᠰᠡᠳᠦᠪ ᠢᠶᠠᠷ ᠤᠬᠠᠭᠤᠯᠤᠨ  ᠲᠠᠶᠢᠯᠪᠤᠷᠢᠯᠠᠪᠠ᠃ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ ᠨᠠᠮ ᠤᠨ ᠭᠡᠰᠢᠭᠦᠨ ᠺᠠᠳ᠋ᠷ ᠪᠣᠯᠣᠨ ᠬᠤᠰᠢᠭᠤᠨ  ᠤ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠷᠠᠳᠢᠣ᠋ ᠲᠧᠯᠸᠢᠰ ᠰᠦᠯᠵᠢᠶᠡᠨ ᠤ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ ᠤᠨ ᠭᠤᠣᠯ ᠬᠠᠷᠢᠭᠤᠴᠠᠯᠭᠠᠲᠠᠨ ᠬᠤᠷᠠᠯ ᠳᠤ  ᠤᠷᠤᠯᠴᠠᠪᠠ᠃     
微信图片_20231214103213.jpg
      ᠢᠦᠢ ᠯᠢᠩ ᠬᠤᠤ ᠠᠵᠢᠯ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠬᠦ ᠶᠢᠨ ᠲᠣᠭᠤᠷᠢᠨ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠰᠠᠨᠠᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠲᠠᠯᠠᠷᠬᠠᠯ ᠤᠨ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠷ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠥᠷᠪᠡᠨ ᠲᠠᠯ᠎ᠠ ᠶᠢ ᠰᠠᠶᠢᠲᠤᠷ ᠠᠳᠬᠤᠵᠤ᠂ ᠠᠮᠢᠳᠤᠯᠢᠭ ᠥᠯᠢᠭᠡᠷ᠂ ᠠᠮᠢᠳᠤᠯᠢᠭ ᠪᠣᠳᠠᠲᠠᠢ ᠵᠢᠱᠢᠶ᠎ᠡ᠂ ᠦᠨᠡᠨ ᠪᠣᠳᠠᠲᠠᠢ ᠲᠥᠷᠥᠭᠳᠡᠯ ᠢᠶᠠᠷ ᠪᠥᠬᠦ ᠬᠤᠰᠢᠭᠤᠨ ᠤ ᠤᠬᠠᠭᠤᠯᠭ᠎ᠠ ᠰᠣᠶᠣᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠲᠤ ᠨᠢᠭᠡᠨ ᠤᠳᠠᠭᠠᠨ ᠤ ︽ᠴᠢᠬᠢᠨ ᠳᠤ ᠬᠠᠳᠠᠩᠰᠢᠭᠰᠠᠨ︾ ᠨᠠᠩ ᠰᠡᠳᠬᠢᠯ ᠬᠥᠳᠡᠯᠭᠡᠮ᠎ᠡ ᠣᠨᠣᠯ ᠤᠨ ᠤᠬᠠᠭᠤᠯᠤᠨ ᠲᠠᠶᠢᠯᠪᠤᠷᠢᠯᠠᠬᠤ ᠬᠢᠴᠢᠶᠡᠯ ᠣᠷᠣᠭᠰᠠᠨ ᠪᠠᠶᠢᠨ᠎ᠠ᠃     
微信图片_20231214103207.jpg
     ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠡᠬᠢᠯᠡᠭᠰᠡᠨ ᠠᠴᠠ ᠲᠠᠭᠤᠰᠳᠠᠯ᠎ᠠ ᠪᠠᠨ ᠤᠯᠠᠨ ᠲᠦᠮᠡᠨ ᠲᠠᠢ ᠨᠢᠭᠳᠠ ᠣᠶᠢᠷᠠᠲᠤᠯᠴᠠᠨ᠂ ᠡᠨᠧᠷᠭᠢ ᠶᠢ ᠬᠤᠷᠠᠮᠳᠤᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠴᠡᠷᠢᠭ ᠤᠨ ᠣᠮᠤᠭ ᠰᠦᠷ ᠢ ᠬᠥᠪᠴᠢᠯᠡᠵᠦ᠂ ᠤᠯᠠᠨ ᠳᠤ ᠡᠯᠪᠡᠭ ᠪᠠᠶᠠᠯᠢᠭ ᠣᠯᠣᠯᠲᠠ ᠣᠯᠭᠤᠵᠤ᠂ ᠤᠯᠤᠰ ᠲᠦᠷᠦ ᠶᠢᠨ ᠥᠨᠳᠥᠷᠴᠡ᠂ ᠤᠨᠤᠯ ᠤᠨ ᠵᠤᠵᠠᠭᠠᠨ ᠤ ᠬᠡᠮᠵᠢᠶ᠎ᠡ ᠲᠠᠢ ᠪᠥᠭᠡᠳ ᠪᠠᠰᠠ ᠭᠦᠨᠵᠡᠭᠡᠢ ᠰᠡᠳᠬᠢᠵᠦ᠂ ᠦᠵᠡᠯᠲᠡ ᠲᠠᠨᠢᠯᠲᠠ ᠶᠢᠨ ᠥᠷᠭᠡᠴᠡ ᠲᠠᠢ ᠪᠤᠯᠭᠠᠪᠠ᠃ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ ᠂ ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ︽ᠲᠠᠪᠤᠨ ᠦᠭᠡ︾  ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠢᠮᠠᠭᠲᠠ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠦᠨᠡᠨᠬᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠬᠤᠰᠢᠭᠤᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠤᠷᠤᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠬᠠᠭᠤᠯᠬᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号