ᠦᠯᠵᠡᠶᠢᠮᠦ᠋ᠷᠡᠨ ᠰᠤᠮᠤ᠄ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠵᠤ ᠠᠮᠤᠷ ᠲᠣᠭᠲᠠᠭᠤᠨ ᠤ ᠰᠠᠭᠤᠷᠢ ᠴᠢᠯᠠᠭᠤ ᠶᠢ ᠪᠠᠲᠤ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2023/12/15
    ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ  ᠪᠠᠷ ᠣᠨᠣᠪᠴᠢᠲᠠᠶ ᠨᠠᠶᠢᠲᠠᠪᠣᠷᠢᠵᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ ᠦᠯᠵᠡᠶᠢᠮᠦ᠋ᠷᠡᠨ ᠰᠤᠮᠤ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ ᠵᠠᠰᠠᠯᠲᠠ ᠬᠢᠵᠦ᠂ ᠰᠠᠨᠠᠭᠠᠴᠢᠯᠠᠭ᠎ᠠ ᠠᠴᠠ ᠪᠠᠨ ᠲᠣᠭᠲᠠᠭᠤᠨ ᠢ ᠡᠭᠦᠳᠴᠦ ᠠᠮᠤᠷ ᠠᠮᠤᠭᠤᠯᠠᠩ ᠢ ᠠᠬᠢᠭᠤᠯᠵᠤ᠂ ᠬᠠᠷᠢᠶ᠎ᠠ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠲᠦᠮᠵᠢᠲᠡᠢ ᠬᠠᠮᠠᠭᠠᠯᠠᠵᠤ᠂ ᠠᠮᠤᠷ ᠠᠮᠤᠭᠤᠯᠠᠩ ᠦᠯᠵᠡᠶᠢᠮᠦ᠋ᠷᠡᠨ ᠰᠤᠮᠤ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃     ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠢ ᠪᠠᠬᠢᠵᠢᠭᠦᠯᠪᠡ᠃ ᠰᠤᠮᠤ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠵᠢᠯᠤᠭᠤᠳᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠨ ᠵᠢᠯᠤᠭᠤᠳᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠲᠣᠣᠷ ᠤᠨ ᠠᠵᠢᠯᠲᠠᠨ ᠠᠴᠠ ᠡᠳᠦᠷ ᠲᠤ ᠵᠢᠭᠰᠠᠭᠠᠨ ᠪᠠᠶᠢᠴᠠᠭᠠᠬᠤ᠂ ᠰᠤᠮᠤ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠬᠢᠨ ᠭᠠᠷᠠᠭ ᠪᠦᠷᠢ ᠰᠤᠳᠤᠯᠤᠨ ᠮᠠᠭᠠᠳᠯᠠᠬᠤ᠂ ᠣᠯᠠᠨ ᠡᠰᠢᠵᠢᠭᠰᠡᠨ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ  ᠬᠢᠨ ᠰᠠᠷ᠎ᠠ ᠶᠢᠨ ᠵᠥᠪᠳᠡᠯᠴᠡᠬᠦ ᠲᠣᠭᠲᠠᠴᠠ ᠶᠢ ᠪᠠᠷᠢᠮᠲᠠᠯᠠᠨ᠂ ᠡᠯ᠎ᠡ ᠲᠥᠷᠥᠯ ᠤᠨ ᠵᠢᠭᠤᠷᠠᠯᠳᠤᠭᠠᠨ ᠤ ᠲᠦᠭᠰᠢᠭᠦᠷᠢ ᠶᠢᠨ ᠴᠡᠭ ᠢ ᠵᠠᠳᠠᠯᠤᠨ ᠰᠤᠳᠤᠯᠤᠨ ᠮᠠᠭᠠᠳᠯᠠᠵᠤ᠂ ᠵᠥᠷᠢᠴᠡᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠬᠤ᠂ ᠪᠥᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠵᠠᠳᠠᠯᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠪᠠ᠃     ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠲᠣᠣᠷ ᠤᠨ ᠠᠵᠢᠯᠲᠠᠨ᠂ ᠬᠠᠤᠯᠢ ᠴᠠᠭᠠᠵᠠ ᠶᠢᠨ ᠮᠡᠷᠭᠡᠨ ᠬᠥᠮᠥᠨ᠂ ᠰᠠᠶᠢᠨ ᠳᠣᠷᠠᠴᠣᠳ ᠤᠨ ᠬᠦᠴᠦᠨ ᠢ ᠡᠮᠬᠢᠯᠡᠨ ᠨᠡᠶᠢᠯᠡᠭᠦᠯᠵᠦ᠂  ᠪᠠᠶᠠᠷ ᠨᠠᠶᠢᠷ ᠪᠠ ᠭᠠᠰᠢᠭᠤᠳᠠᠯ ᠤᠨ ᠬᠡᠷᠡᠭ ᠡᠷᠬᠢᠯᠡᠬᠦ ᠵᠦᠪᠯᠡᠯ᠂ ᠪᠠᠶᠠᠵᠢᠯ ᠤᠨ ᠳᠠᠭᠠᠭᠤᠯᠤᠭᠴᠢ᠂ ︽ᠲᠠᠪᠤᠨ ᠲᠦᠷᠥᠯ ᠤᠨ ᠨᠠᠰᠤᠲᠠᠨ︾ ᠵᠡᠷᠭᠡ ᠨᠡᠶᠢᠭᠡᠮ ᠤᠨ ᠬᠦᠴᠦᠨ ᠢ ᠳᠠᠶᠢᠴᠢᠯᠠᠨ᠂ ᠪᠠᠶᠢᠩᠭᠤ ᠶᠢᠨ ᠴᠢᠨᠠᠷᠲᠠᠢ ᠡᠷᠦᠬᠡ ᠳᠤ ᠬᠦᠷᠴᠦ ᠪᠠᠶᠢᠴᠠᠭᠠᠯᠲᠠ ᠬᠢᠬᠦ ᠶᠢ ᠥᠷᠨᠢᠭᠦᠯᠵᠦ᠂ ᠬᠦᠳᠡᠯᠮᠦᠷᠢ ᠬᠦᠴᠦᠨ ᠡᠳ᠋ ᠬᠦᠷᠦᠩᠭᠡ᠂ ᠭᠠᠵᠠᠷ ᠰᠢᠷᠣᠢ᠂ ᠬᠥᠷᠰᠢ ᠰᠠᠭᠠᠬᠠᠯᠲᠠ᠂ ᠣᠷᠤᠭ ᠭᠡᠷ ᠪᠦᠯᠢ ᠵᠡᠷᠭᠡ ᠶᠢᠨ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ ᠣᠶᠢᠯᠠᠭᠠᠨ ᠪᠠᠶᠢᠴᠠᠭᠠᠵᠤ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠰᠢᠢᠳᠪᠦᠷᠢᠯᠡᠵᠦ᠂ ᠡᠷᠲᠡ ᠠᠷᠢᠯᠭᠠᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠤᠬᠤᠶᠢᠬᠤ ᠠᠴᠠ ᠡᠮᠦᠨ᠎ᠡ ᠲᠣᠬᠢᠲᠠᠢ ᠰᠢᠢᠳᠪᠦᠷᠢᠯᠡᠬᠦ ᠶᠢ ᠠᠬᠢᠭᠤᠯᠪᠠ᠃ ᠭᠤᠣᠯᠳᠠᠯᠭ᠎ᠠ ᠲᠠᠢ ᠬᠥᠮᠥᠰ ᠢ ᠲᠣᠭᠲᠠᠭᠤᠨ ᠢᠶᠠᠷ ᠡᠵᠡᠮᠳᠡᠬᠦ ᠬᠠᠮᠢᠶᠠᠷᠤᠯᠲᠠ ᠶᠢ ᠴᠢᠩᠭᠠᠳᠬᠠᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠰᠡᠳᠬᠢᠴᠡ ᠶᠢᠨ ᠲᠠᠯ᠎ᠠ ᠪᠠᠷ ᠵᠢᠭᠠᠨ ᠵᠢᠯᠤᠭᠤᠳᠬᠤ ᠪᠠᠷ ᠳᠠᠮᠵᠢᠭᠤᠯᠤᠨ᠂ ᠲᠣᠰᠬᠤᠨ ᠤ ᠳᠣᠲᠣᠷᠠᠬᠢ ᠭᠤᠣᠯᠳᠠᠯᠭ᠎ᠠ ᠲᠠᠢ ᠬᠥᠮᠥᠰ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠲᠡᠳᠡᠨ ᠤ ᠦᠵᠡᠯ ᠰᠠᠨᠠᠭᠠᠨ ᠤ ᠪᠠᠶᠢᠳᠠᠯ᠂ ᠠᠮᠢᠳᠤᠷᠠᠯ ᠤᠨ ᠪᠠᠶᠢᠳᠠᠯ᠂ ᠪᠣᠳᠠᠲᠤ ᠢᠯᠡᠷᠡᠯ ᠢ ᠡᠵᠡᠮᠰᠢᠬᠦ ᠶᠢᠨ ᠬᠠᠮᠲᠤ ᠪᠣᠳᠠᠲᠠᠢ ᠬᠦᠴᠢᠷᠳᠡᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠡᠬᠢ ᠠᠴᠠ ᠨᠢ ᠬᠠᠮᠢᠶᠠᠷᠤᠨ ᠡᠵᠡᠮᠳᠡᠵᠦ᠂ ᠭᠡᠮ ᠰᠣᠭᠤᠭ ᠢ ᠠᠷᠢᠯᠭᠠᠵᠤ᠂ ᠲᠣᠭᠲᠠᠭᠤᠨ ᠪᠥᠭᠡᠳ ᠡᠶ᠎ᠡ ᠵᠣᠬᠢᠴᠠᠩᠭᠤᠢ ᠶᠢ ᠬᠠᠮᠠᠭᠠᠯᠠᠪᠠ᠃     ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠳᠡᠭᠡᠭᠰᠢᠯᠡᠭᠦᠯᠪᠡ᠃ ᠰᠤᠮᠤ ᠶᠢᠨ ᠬᠢᠨ ᠬᠠᠣᠯᠢ ᠪᠠᠷ ᠵᠠᠰᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠭᠤᠯᠤᠨ ᠲᠠᠶᠢᠯᠪᠤᠷᠢᠯᠠᠬᠤ᠂ ᠡᠯᠭᠦᠭᠡ ᠪᠢᠴᠢᠭᠡᠰᠦ ᠡᠯᠭᠦᠬᠦ᠂ ︽ᠨᠢᠭᠡ ᠲᠣᠰᠬᠤᠨ ᠳᠤ ᠨᠢᠭᠡ ᠴᠠᠭᠳᠠᠭ᠎ᠠ᠂ ᠲᠣᠣᠷ ᠤᠨ ᠠᠵᠢᠯᠲᠠᠨ︾ ᠡᠷᠦᠭᠡ ᠳᠤ ᠬᠦᠷᠴᠦ ᠰᠤᠷᠪᠤᠯᠵᠢᠯᠠᠬᠤ ᠵᠡᠷᠭᠡ ᠪᠠᠷ ᠳᠠᠮᠵᠢᠭᠤᠯᠵᠤ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠬᠤᠣᠷᠲᠤ ᠡᠳ᠋ ᠢ ᠴᠠᠭᠠᠵᠠᠯᠠᠵᠤ ᠵᠣᠭᠤᠰ ᠨᠠᠭᠠᠳᠬᠤ ᠶᠢ ᠲᠡᠪᠴᠢᠬᠦ᠂ ᠭᠠᠵᠢᠭᠤ ᠨᠣᠮᠯᠠᠯ ᠢ ᠡᠰᠡᠷᠭᠦᠴᠡᠬᠦ᠂ ᠬᠠᠤᠯᠢ ᠴᠠᠭᠠᠵᠠ ᠶᠢᠨ ᠮᠡᠳᠡᠯᠭᠡ ᠶᠢ ᠨᠡᠩ ᠤᠯᠠᠨ ᠭᠡᠷ ᠪᠦᠯᠢ ᠳᠤ ᠬᠦᠷᠭᠡᠵᠦ᠂ ᠭᠡᠷ ᠪᠦᠯᠢ ᠶᠢᠨ ᠠᠮᠤᠷ ᠲᠦᠪᠰᠢᠨ᠂ ᠬᠥᠷᠰᠢ ᠰᠠᠭᠠᠬᠠᠯᠲᠠ ᠶᠢᠨ ᠡᠶ᠎ᠡ ᠨᠠᠶᠢᠷᠰᠠᠭ ᠪᠠᠶᠢᠬᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ  ᠠᠬᠢᠭᠤᠯᠪᠠ᠃ ︽ᠢᠨᠲ᠋ᠧᠷ ᠰᠦᠯᠵᠢᠶ᠎ᠡ + ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠸᠢᠴᠠᠲ ᠤᠨ ᠲᠠᠪᠴᠠᠩ ᠢᠶᠠᠷ ᠳᠠᠮᠵᠢᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠦᠳᠡᠯᠦᠩᠭᠦᠢ ᠪᠠᠶᠢᠳᠠᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠷᠡᠭ ᠤᠨ ᠵᠢᠱᠢᠶ᠎ᠡ ᠵᠡᠷᠭᠡ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠠᠷᠭ᠎ᠠ ᠬᠡᠯᠪᠡᠷᠢ ᠶᠢ ᠠᠰᠢᠭᠯᠠᠨ ᠲᠣᠰᠬᠤᠨ ᠤ ᠠᠷᠠᠳ ᠲᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠣᠯᠠᠨ ᠲᠦᠮᠡᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠪᠠ ᠬᠠᠤᠯᠢ ᠶᠢ ᠮᠡᠳᠡᠵᠦ ᠬᠠᠤᠯᠢ ᠶᠢ ᠰᠠᠬᠢᠬᠤ ᠤᠬᠠᠮᠰᠠᠷᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃     ᠲᠠᠷᠠᠭᠠᠴᠢ ᠶᠢᠨ ᠠᠯᠬᠤᠮ ᠳᠤ᠂ ᠦᠯᠵᠡᠶᠢᠮᠦ᠋ᠷᠡᠨ ᠰᠤᠮᠤ ᠦᠷᠭᠦᠯᠵᠢᠯᠡᠨ ︽ᠰᠡᠷᠡᠯᠵᠢ︾ ᠪᠠᠷ ᠰᠠᠭᠤᠷᠢ ᠪᠣᠯᠭᠠᠵᠤ ᠂ ︽ᠲᠣᠣᠷ︾ ᠢᠶᠠᠷ ᠲᠦᠰᠢᠭ ᠪᠣᠯᠭᠠᠵᠤ᠂ ᠣᠯᠠᠨ ᠲᠦᠮᠡᠨ ᠤ ᠳᠡᠷᠭᠡᠳᠡᠬᠢ ᠵᠥᠷᠢᠴᠡᠯ ᠵᠢᠭᠤᠷᠠᠯᠳᠤᠭᠠᠨ ᠢ ᠲᠠᠰᠤᠷᠠᠯᠲᠠ ᠦᠭᠡᠢ ᠰᠢᠢᠳᠪᠦᠷᠢᠯᠡᠨ᠂ ᠬᠠᠷᠢᠶ᠎ᠠ ᠣᠷᠣᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ︽ᠰᠢᠨ᠎ᠡ ᠰᠢᠯᠭᠠᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号