ᠱᠤᠤ ᠶᠠᠨ ᠵᠢᠶᠦ᠋ᠨ ᠠᠴᠠ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2023/12/15
     12 ᠰᠠᠷ᠎ᠠ ᠶᠢᠨ 13 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠠᠴᠠ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤ ᠶᠢᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠠᠬᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠭᠦᠸᠧ ᠶᠠ ᠹᠧᠩ᠂ ᠼᠦᠢ ᠯᠧᠢ ᠯᠧᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      
微信图片_20231215104637.jpg
      ᠱᠤᠤ ᠶᠠᠨ ᠵᠢᠶᠦ᠋ᠨ ᠵᠢᠭᠠᠪᠤᠷᠢᠯᠠᠭᠰᠠᠨ  ᠨᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠯᠠᠭᠤ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠰᠡᠳᠬᠢᠬᠦᠢ ᠪᠠᠷ ᠬᠥᠭᠵᠢᠯᠲᠡ ᠶᠢ ᠰᠦᠪᠡᠭᠴᠢᠯᠡᠵᠦ᠂ ᠦᠵᠡᠯ ᠰᠠᠨᠠᠭ᠎ᠠ ᠪᠠᠨ ᠴᠢᠯᠦᠭᠡᠯᠡᠬᠦ ᠳᠤᠮᠳᠠ ᠦᠵᠡᠯᠲᠡ ᠪᠠᠨ ᠰᠢᠨᠡᠳᠬᠡᠵᠦ᠂ ᠰᠡᠳᠬᠢᠴᠡ ᠪᠠᠨ ᠥᠷᠭᠡᠳᠬᠡᠵᠦ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠤᠪᠢᠷᠠᠯᠲᠠ ᠶᠢᠨ ᠵᠢᠮ᠎ᠡ ᠶᠣᠰᠣ ᠶᠢ ᠣᠶᠢᠯᠠᠭᠠᠨ ᠡᠵᠡᠮᠰᠢᠵᠦ᠂ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠳᠬᠠᠬᠤ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠰᠢᠬᠠᠮᠳᠤᠯᠤᠭ᠎ᠠ ᠲᠤᠤᠷ᠎ᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠪᠡ᠃     ᠱᠤᠤ ᠶᠠᠨ ᠵᠢᠶᠦ᠋ᠨ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ  ᠪᠠᠨ ᠡᠷᠡᠰ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠳᠠᠩᠰᠠ ᠶᠢ ᠤᠷᠢᠳᠴᠢᠯᠠᠨ ᠲᠥᠯᠥᠪᠵᠢᠭᠦᠯᠵᠦ᠂ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠨᠢᠭᠳᠠ ᠵᠢᠭᠰᠠᠭᠠᠵᠤ᠂ ᠳᠠᠷᠠᠭ᠎ᠠ ᠵᠢᠯ ᠤᠨ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠴᠠᠭ ᠦᠶ᠎ᠡ︾ ᠶᠢ ᠠᠮᠵᠢᠨ ᠠᠳᠬᠤᠬᠤ ᠬᠡᠷᠡᠭᠲᠡᠢ︔ ᠲᠥᠷᠥᠯ ᠵᠦᠢᠯ ᠨᠢᠭᠡᠪᠦᠷᠢ ᠳᠤ ᠴᠢᠭᠯᠡᠭᠦᠯᠦᠨ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠢᠨᠠᠨ ᠪᠤᠳᠤᠬᠤ᠂ ᠰᠢᠯᠭᠠᠨ ᠬᠤᠷᠢᠶᠠᠬᠤ ᠵᠡᠷᠭᠡ ᠭᠤᠭᠴᠤᠭ᠎ᠠ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠲᠦᠰᠢᠭᠯᠡᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠭᠠᠵᠠᠷ ᠤᠨ ᠣᠨᠴᠠᠯᠢᠭᠲᠤ ᠳᠠᠪᠠᠭᠤᠯᠢᠭ ᠲᠠᠢ ᠪᠠᠨ ᠤᠶᠠᠯᠳᠤᠭᠤᠯᠤᠨ᠂ ᠲᠣᠰ ᠪᠡᠶ᠎ᠡ ᠶᠢᠨ ᠬᠥᠭᠵᠢᠯᠲᠡ ᠳᠡᠭᠡᠨ ᠲᠣᠬᠢᠷᠠᠬᠤ ᠣᠨᠴᠠᠯᠢᠭᠲᠤ ᠲᠠᠷᠢᠶᠠᠯᠠᠩ ᠤᠨ ᠰᠢᠨ᠎ᠡ ᠵᠠᠮ ᠢ ᠨᠡᠭᠡᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠡᠪᠡᠰᠦᠨ ᠤ ᠦᠢᠯᠡᠰ ᠢ ᠬᠥᠭᠵᠢᠭᠦᠯᠬᠦ ᠡᠨᠡᠬᠦ ᠲᠣᠮᠣ ᠶᠠᠪᠤᠳᠠᠯ ᠢ ᠰᠠᠶᠢᠲᠤᠷ ᠬᠢᠵᠦ᠂ ᠡᠪᠡᠰᠦᠨ ᠤ ᠦᠢᠯᠡᠰ ᠪᠣᠯᠣᠨ ᠮᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠯᠠᠰᠢᠨ ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠭᠦᠯᠳᠡᠷ ᠰᠠᠶᠢᠵᠢᠷᠠᠭᠤᠯᠬᠤ᠂ ᠪᠣᠷᠳᠣᠬᠤ᠂ ᠡᠳ᠋ᠰᠢᠭᠦᠯᠬᠦ ᠵᠡᠷᠭᠡ ᠲᠠᠯ᠎ᠠ ᠪᠠᠷ ᠭᠤᠣᠯᠳᠠᠭᠤᠯᠤᠨ᠂ ᠦᠬᠡᠷ ᠤᠨ ᠠᠵᠤ ᠦᠢᠯᠡᠰ ᠤᠨ ᠳᠠᠯᠳᠠ ᠬᠦᠴᠦᠨ ᠢ ᠭᠦᠨ ᠠᠭᠤᠳᠠᠯᠵᠤ᠂ ᠲᠡᠵᠢᠭᠡᠪᠤᠷᠢ ᠶᠢᠨ ᠡᠷᠦᠬᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠠᠯᠠᠰᠢᠨ ᠦᠬᠡᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠳᠠᠪᠠᠭᠤᠯᠢᠭ ᠢᠶᠠᠨ ᠶᠡᠬᠡᠰᠬᠡᠬᠦ᠂ ᠲᠤᠳᠠᠭᠳᠠᠯ ᠢᠶᠠᠨ ᠨᠥᠬᠦᠪᠦᠷᠢᠯᠡᠬᠦ᠂ ᠶᠠᠰᠤ ᠴᠢᠨᠠᠷ ᠢ ᠰᠢᠯᠢᠳᠡᠭᠵᠢᠭᠦᠯᠬᠦ᠂ ᠨᠠᠷᠠᠲᠤ ᠲᠡᠮᠳᠡᠭᠲᠦ ᠶᠢ ᠳᠠᠭᠤᠷᠢᠰᠤᠭᠤᠯᠬᠤ ᠶᠢ ᠴᠢᠷᠮᠠᠶᠢᠨ ᠪᠡᠶᠡᠯᠡᠭᠦᠯᠵᠦ᠂ ᠦᠬᠡᠷ ᠤᠨ ᠠᠵᠤ ᠦᠢᠯᠡᠰ ᠢ ᠦᠨᠡᠨᠬᠦ ᠪᠥᠬᠦ ᠬᠤᠰᠢᠭᠤᠨ ᠤ ᠲᠡᠷᠢᠭᠦᠨ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃     
微信图片_20231215104649.jpg
     ᠱᠤᠤ ᠶᠠᠨ ᠵᠢᠶᠦ᠋ᠨ ᠱᠠᠭᠠᠷᠳᠠᠭᠰᠠᠨ ᠨᠢ᠂ ᠪᠡᠯᠡ ᠤᠯᠬᠤ ᠲᠦᠷᠦᠯ ᠵᠦᠢᠯ ᠲᠣᠭᠲᠠᠭᠠᠬᠤ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠢᠨ᠎ᠡ ᠨᠢᠭᠡ ᠡᠭᠡᠯᠵᠢ ᠶᠢᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠴᠣᠩᠬᠤᠪᠴᠢ ᠬᠤᠭᠤᠴᠠᠭ᠎ᠠ ᠶᠢ ᠢᠳᠡᠪᠬᠢᠲᠡᠢ ᠠᠮᠵᠢᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠬᠦᠯᠢᠶᠡᠵᠦ ᠳᠡᠶᠢᠯᠬᠦ ᠦᠭᠡᠢ ᠲᠤᠯᠭᠠᠮ᠎ᠠ ᠪᠤᠳᠤᠯ᠂ ᠤᠳᠠᠭᠠᠰᠢᠷᠠᠭᠤᠯᠵᠤ ᠳᠡᠶᠢᠯᠬᠦ ᠦᠭᠡᠢ ᠲᠦᠭᠰᠢᠭᠦᠷᠢᠲᠦ ᠰᠡᠳᠬᠢᠯᠭᠡ᠂ ᠰᠠᠭᠤᠵᠤ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠲᠦᠷᠦᠯ ᠵᠦᠢᠯ ᠤᠯᠬᠤ ᠪᠡᠯᠡ ᠮᠥᠩᠭᠦ ᠤᠯᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠪᠤᠰᠤᠳ ᠭᠠᠵᠠᠷ ᠣᠷᠣᠨ ᠤ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠭᠦᠢᠴᠡᠳ ᠲᠣᠯᠢᠯᠠᠨ ᠰᠤᠷᠤᠯᠴᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠵᠤ᠂ ᠨᠢᠭᠡ ᠪᠦᠯᠦᠭ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠰᠥᠪᠯᠡᠨ ᠭᠠᠷᠭᠠᠬᠤ ᠬᠡᠷᠡᠭᠲᠡᠢ᠃ ᠡᠯ᠎ᠡ ᠪᠠᠷᠢᠯᠭ᠎ᠠ ᠶᠢᠨ ᠲᠦᠷᠦᠯ ᠵᠦᠢᠯ ᠤᠨ ᠰᠡᠬᠦᠯ ᠬᠤᠷᠢᠶᠠᠬᠤ ᠠᠵᠢᠯ ᠢ ᠰᠠᠶᠢᠲᠤᠷ ᠬᠢᠵᠦ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠰᠢᠨᠲᠠᠷᠠᠰᠢ ᠦᠭᠡᠢ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠤᠯᠠᠨ ᠲᠦᠮᠡᠨ ᠳᠤ ᠰᠠᠨᠠᠭ᠎ᠠ ᠠᠮᠤᠷ ᠤᠰᠤ ᠤᠤᠭᠤᠯᠭᠠᠬᠤ ᠶᠢ ᠪᠠᠲᠤᠯᠠᠬᠤ ᠬᠡᠷᠡᠭᠲᠡᠢ︔ ᠮᠣᠳᠣᠲᠤ ᠤᠰᠤᠨ ᠴᠥᠭᠦᠷᠥᠮ ᠢ ᠪᠠᠬᠢᠵᠢᠭᠦᠯᠬᠦ ᠪᠠ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠬᠠᠳᠠᠭᠠᠯᠠᠬᠤ ᠴᠢᠳᠠᠪᠤᠷᠢ ᠪᠠ ᠠᠵᠤ ᠦᠢᠯᠡᠰ ᠤᠨ ᠲᠣᠭᠤᠷᠢᠭ ᠲᠤ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号