ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ᠄ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/12/18
     ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠪᠣᠯ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠬᠢᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠳᠡᠭᠡᠷ᠎ᠡ ᠪᠠᠨ ᠢᠯᠡᠷᠡᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠠᠬᠢᠴᠠ ᠲᠦᠷᠭᠡᠨ᠂ ᠪᠠᠷᠢᠮᠵᠢᠶ᠎ᠠ ᠥᠨᠳᠥᠷ᠂ ᠶᠠᠰᠤ ᠴᠢᠨᠠᠷ ᠰᠠᠶᠢᠨ ᠪᠠᠶᠢᠬᠤ ᠶᠢ ᠦᠨᠡᠨ ᠬᠦ ᠪᠠᠳᠤᠯᠠᠪᠠ᠃      
微信图片_20231218100321.jpg
      ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠪᠠ᠃ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠬᠢᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠤᠨ ᠲᠤᠰᠬᠠᠢ ᠪᠠᠶᠢᠭᠤᠯᠤᠮᠵᠢ ᠶᠢ ᠲᠤᠬᠢᠷᠠᠭᠤᠯᠵᠦ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠠᠳᠬᠤᠵᠤ᠂ ᠲᠤᠰᠬᠠᠢ ᠬᠥᠮᠥᠨ ᠢ ᠭᠠᠷᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      
微信图片_20231218100331.jpg
     ᠬᠤᠶᠠᠷ ᠲᠤ ᠲᠤᠰᠬᠠᠢ ᠰᠡᠳᠦᠪ ᠢᠶᠠᠷ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠨ ᠠᠬᠢᠭᠤᠯᠬᠤ ᠶᠢ ᠴᠢᠩᠭᠠᠳᠬᠠᠪᠠ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠣᠯᠠᠨ ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠢ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠠᠰᠤᠭ ᠲᠤ ᠰᠢᠯᠵᠢᠭᠦᠯᠦᠨ ᠠᠪᠴᠢᠷᠠᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠬᠡᠷᠡᠭᠵᠢᠭᠦᠯᠦᠯᠲᠡ ᠶᠢ ᠪᠣᠳᠠᠲᠠᠢ ᠬᠠᠷᠢᠭᠤᠴᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠱᠠᠲᠤ ᠱᠠᠲᠤ ᠪᠠᠷ ᠠᠬᠢᠭᠤᠯᠬᠤ ᠠᠵᠢᠯ ᠤᠨ ᠪᠠᠶᠢᠳᠠᠯ ᠢ ᠪᠣᠶ ᠪᠣᠯᠭᠠᠵᠤ᠂ ᠠᠵᠢᠯ ᠤᠨ ᠥᠷᠨᠢᠯᠲᠡ ᠶᠢ ᠯᠠᠪᠳᠠᠭᠤᠨ ᠢᠶᠠᠷ ᠠᠬᠢᠭᠤᠯᠪᠠ᠃    
微信图片_20231218100336.jpg
     ᠭᠤᠷᠪᠠ ᠳᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠠᠭᠠᠭᠠᠴᠢᠯᠠᠨ ᠬᠠᠷᠢᠭᠤᠴᠠᠬᠤ ᠶᠢ ᠬᠡᠷᠡᠭᠵᠢᠭᠦᠯᠪᠡ᠃ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠬᠢᠨᠠᠨ ᠵᠢᠯᠤᠭᠤᠳᠬᠤ ᠲᠣᠭᠲᠠᠴᠠ ᠪᠠ ᠲᠣᠬᠢᠷᠠᠭᠤᠯᠬᠤ᠂ ᠮᠡᠳᠡᠭᠡᠯᠡᠬᠦ ᠳᠦᠷᠢᠮ ᠢ ᠬᠡᠷᠡᠭᠵᠢᠭᠦᠯᠵᠦ᠂ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠡᠭᠦᠷᠭᠡ᠂ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠶᠠᠪᠤᠴᠠ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠠᠷ ᠤᠰᠤ ᠤᠮᠳᠠ ᠶᠢᠨ ᠠᠶᠤᠯᠭᠦᠢ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠢ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠢᠪᠠᠳᠠᠨ ᠵᠢᠯᠤᠭᠤᠳᠴᠤ ᠪᠠᠶᠢᠴᠠᠭᠠᠨ᠂ ᠠᠷᠭ᠎ᠠ ᠤᠬᠠᠭᠠᠨ ᠭᠠᠷᠭᠠᠵᠤ᠂ ᠡᠯ᠎ᠡ ᠭᠠᠵᠠᠷ ᠤᠨ ᠬᠢᠨ ᠢ ᠬᠠᠪᠰᠤᠷᠤᠨ ᠪᠠᠷᠢᠯᠭ᠎ᠠ ᠶᠢᠨ ᠠᠵᠢᠯ ᠤᠨ ᠳᠤᠮᠳᠠᠬᠢ ᠬᠦᠴᠢᠷᠳᠡᠯ ᠢ ᠨᠢ ᠢᠯᠠᠨ ᠳᠠᠪᠠᠵᠤ᠂ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠪᠤᠢ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃    
微信图片_20231218100340.jpg
    ᠳᠥᠷᠪᠡ ᠳᠤ ᠶᠠᠰᠤ ᠴᠢᠨᠠᠷ ᠢ ᠦᠨᠡᠨ ᠬᠦ ᠪᠠᠲᠤᠯᠠᠵᠤ᠂ ᠲᠥᠷᠥᠯ ᠵᠦᠢᠯ ᠤᠨ ᠬᠠᠮᠢᠶᠠᠷᠤᠯᠲᠠ ᠪᠠᠨ ᠴᠢᠩᠳᠠᠯᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠤᠯᠤᠰ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠵᠦ᠂ ︽ᠲᠦᠷᠪᠡᠨ ᠳᠦᠷᠢᠮ︾ ᠢ ᠬᠡᠷᠡᠭᠵᠢᠭᠦᠯᠪᠡ᠂ ᠲᠤᠬᠠᠶᠢᠯᠠᠪᠠᠯ᠄ ᠲᠦᠷᠤᠯ ᠵᠤᠶᠢᠯ ᠤᠨ ᠬᠠᠤᠯᠢ ᠶᠢᠨ ᠡᠷᠭᠡᠳᠡᠨ ᠤ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂ ᠬᠢᠨᠠᠨ ᠬᠠᠮᠢᠶᠠᠷᠬᠤ ᠳᠦᠷᠢᠮ ᠵᠢᠴᠢ ᠭᠡᠷ᠎ᠡ ᠶᠢᠨ ᠳᠦᠷᠢᠮ ᠢ ᠬᠡᠷᠡᠭᠵᠢᠭᠦᠯᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ︽ᠲᠤᠯᠤᠭᠠᠨ ᠪᠣᠭᠤᠮᠲᠠ︾ ᠶᠢ ᠴᠢᠩᠭ᠎ᠠ ᠠᠳᠬᠤᠪᠠ᠂ ᠲᠤᠬᠠᠶᠢᠯᠠᠪᠠᠯ ᠲᠥᠯᠥᠪᠯᠡᠭᠡ ᠶᠢ ᠬᠡᠷᠡᠭᠵᠢᠭᠦᠯᠬᠦ ᠪᠣᠭᠤᠮᠲᠠ᠂ ᠪᠠᠷᠢᠯᠭ᠎ᠠ ᠶᠢᠨ ᠡᠩᠨᠡᠭᠡ ᠶᠢ ᠰᠣᠩᠭᠤᠬᠤ ᠪᠣᠭᠤᠮᠲᠠ᠂ ᠭᠡᠷ᠎ᠡ ᠶᠢᠨ ᠬᠠᠮᠢᠶᠠᠷᠤᠯᠲᠠ ᠶᠢᠨ ᠪᠣᠭᠤᠮᠲᠠ᠂ ᠮᠠᠲ᠋ᠧᠷᠢᠶᠠᠯ ᠲᠥᠬᠦᠭᠡᠷᠦᠮᠵᠢ ᠶᠢᠨ ᠶᠠᠰᠤ ᠴᠢᠨᠠᠷ ᠤᠨ ᠪᠣᠭᠤᠮᠲᠠ᠂ ᠠᠵᠢᠯ ᠤᠨ ᠳᠠᠷᠠᠭᠠᠯᠠᠯ ᠢ ᠡᠵᠡᠮᠳᠡᠬᠦ ᠪᠣᠭᠤᠮᠲᠠ᠂ ᠪᠠᠷᠢᠯᠭ᠎ᠠ ᠶᠢ ᠰᠢᠯᠭᠠᠨ ᠬᠤᠷᠢᠶᠠᠬᠤ ᠪᠣᠭᠤᠮᠲᠠ᠂ ᠪᠡᠯᠡ ᠮᠥᠩᠭᠦ ᠶᠢ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠬᠠᠷᠠᠯᠲᠠ ᠶᠢ ᠳᠤᠲᠠᠭᠤ ᠲᠤᠷᠭᠤᠨ ᠪᠠᠶᠢᠯᠭᠠᠬᠤ ᠦᠭᠡᠢ ᠪᠠᠶᠢᠬᠤ ᠶᠢ ᠦᠨᠡᠨ ᠬᠦ ᠪᠠᠳᠤᠯᠠᠪᠠ᠃ 
微信图片_20231218100345.jpg
     ᠣᠳᠣ ᠪᠣᠯᠲᠠᠯ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠨᠢᠭᠡᠨᠲᠡ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠤᠰᠤ ᠬᠠᠩᠭᠠᠬᠤ ᠪᠠᠲᠤᠯᠠᠭ᠎ᠠ ᠶᠢᠨ ᠣᠨ ᠤ ᠲᠥᠯᠥᠪᠯᠡᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠡᠯᠡ ᠣᠷᠣᠭᠤᠯᠤᠯᠲᠠ ᠶᠢ ᠨᠡᠶᠢᠲᠡ 1121.16 ᠲᠦᠮᠡᠨ ᠲᠥᠭᠦᠷᠢᠭ ᠪᠡᠶᠡᠯᠡᠭᠦᠯᠵᠦ᠂ 7 ᠲᠦᠷᠤᠯ ᠤᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ 6 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠲᠠᠵᠤ᠂ 6 ᠬᠤᠳᠳᠤᠭ ᠤᠨ ᠭᠡᠷ᠂ 4 ᠥᠨᠳᠥᠷ ᠪᠠᠶᠢᠷᠢ ᠲᠠᠢ ᠤᠰᠤ ᠬᠠᠳᠠᠭᠠᠯᠠᠬᠤ ᠲᠠᠲᠠᠭᠠᠯ ᠢ ᠰᠢᠨ᠎ᠡ ᠪᠠᠷ ᠪᠠᠶᠢᠭᠤᠯᠵᠤ᠂ 175.91 ᠺᠢᠯᠣᠮᠧᠲᠷ ᠬᠤᠭᠤᠯᠠᠢ ᠳᠡᠪᠢᠰᠴᠦ᠂ 3 ᠪᠢᠴᠢᠯ ᠺᠣᠮᠫᠢᠦ᠋ᠲ᠋ᠧᠷ ᠢᠶᠠᠷ ᠳᠠᠪᠲᠠᠮᠵᠢ ᠬᠤᠪᠢᠷᠠᠭᠠᠵᠤ ᠤᠰᠤ ᠬᠠᠩᠭᠠᠬᠤ ᠲᠥᠬᠦᠭᠡᠷᠦᠮᠵᠢ ᠶᠢ ᠤᠭᠰᠠᠷᠠᠵᠤ᠂ 7 ᠢᠵᠢ ᠠᠷᠢᠭᠤᠳᠬᠠᠬᠤ ᠲᠥᠬᠦᠭᠡᠷᠦᠮᠵᠢ ᠤᠭᠰᠠᠷᠠᠵᠤ᠂ 7 ᠠᠶᠢᠯ ᠲᠣᠰᠬᠤᠨ᠂ 0.54 ᠲᠦᠮᠡᠨ ᠬᠥᠮᠥᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号